ᠬᠠᠨ ᠰᠢᠶᠤᠤ ᠶᠦᠩ ᠣᠶᠢᠭ᠎ᠠ ᠦᠬᠡᠢ ᠴᠢᠷᠮᠠᠶᠢᠯᠭ᠎ᠠ ᠪᠠᠷ ᠢᠶᠠᠨ ᠠᠵᠤ ᠠᠮᠢᠳᠣᠷᠠᠯ ᠢᠶᠠᠨ ᠦᠬᠡᠳᠡ ᠨᠢ ᠲᠠᠳᠠᠵᠠᠦ ᠶᠠᠪᠣᠨ᠎ᠠ
ᠨᠡᠶᠢᠲᠡᠯᠡᠭᠰᠡᠨ ᠴᠠᠭ᠄
2024/6/11
       ᠰᠣᠨᠣᠷ ᠤᠨ ᠬᠤᠶᠠᠳᠤᠭᠠᠷ ᠳᠡᠰ ᠤᠨ ᠵᠡᠮᠳᠡᠭ ᠬᠥᠮᠦᠨ ᠬᠠᠨ ᠰᠢᠶᠤᠤ ᠶᠦᠩ ᠪᠣᠯ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠤ ᠭᠡᠷ ᠤᠨ ᠴᠠᠬᠢᠯᠭᠠᠨ ᠬᠡᠷᠡᠭᠰᠡᠯ ᠰᠡᠯᠪᠢᠨ ᠵᠠᠰᠠᠬᠤ  ᠭᠠᠵᠠᠷ ᠤᠨ ᠡᠵᠡᠨᠳᠡᠨ ᠮᠥᠨ᠂ ᠲᠡᠬᠦᠨ ᠤ ᠰᠡᠯᠪᠢᠨ ᠵᠠᠰᠠᠬᠤ  ᠮᠡᠷᠬᠡᠵᠢᠯ ᠰᠠᠶᠢᠨ᠂ ᠦᠶᠯᠡᠴᠢᠯᠡᠬᠦ ᠣᠪᠣᠷ ᠨᠢ ᠰᠠᠶᠢᠨ ᠪᠠᠶᠢᠳᠠᠭ ᠢᠶᠠᠷ ᠮᠠᠰᠢ ᠣᠯᠠᠨ ᠬᠥᠮᠣᠰ ᠲᠡᠬᠦᠨ ᠢ ᠵᠣᠷᠢᠵᠣ ᠢᠷᠡᠳᠡᠭ ᠪᠠᠶᠢᠨ᠎ᠠ᠃    ᠰᠤᠷᠪᠤᠯᠵᠢᠯᠠᠭᠴᠢ᠂ ᠬᠠᠨ ᠰᠢᠶᠤᠤ ᠶᠦᠩ ᠤ ᠭᠡᠷ ᠤᠨ ᠴᠠᠬᠢᠯᠭᠠᠨ ᠬᠡᠷᠡᠭᠰᠡᠯ ᠰᠡᠯᠪᠢᠨ ᠵᠠᠰᠠᠬᠤ  ᠭᠠᠵᠠᠷ  ᠲᠤ ᠬᠥᠷᠬᠦ ᠳᠤ᠂ ᠳᠡᠯᠭᠡᠭᠦᠷ ᠲᠤᠨᠢ ᠡᠯ᠎ᠡ ᠵᠦᠶᠯ ᠤᠨ ᠴᠠᠬᠢᠯᠭᠠᠨ ᠬᠡᠷᠡᠭᠰᠡᠯ  ᠲᠦᠬᠦᠷᠳᠡᠯ᠎ᠡ ᠲᠠᠯᠪᠢᠭᠠᠰᠣᠳᠠᠢ ᠪᠠᠶᠢᠵᠣ ᠲᠡᠷᠡ ᠶᠠᠭ  ᠠᠵᠢᠯ ᠳᠠᠭᠠᠨ ᠶᠠᠭᠠᠷᠠᠵᠣ ᠪᠠᠶᠢᠯ᠎ᠠ᠃      ᠡᠨᠡ ᠵᠢᠯ 60 ᠨᠠᠰᠤᠲᠠᠢ ᠬᠠᠨ ᠰᠢᠶᠤᠤ ᠶᠦᠩ ᠲᠥᠷᠥᠯᠬᠢ ᠰᠣᠨᠣᠷ ᠤᠨ ᠰᠠᠭᠠᠳ ᠲᠠᠢ᠂ ᠭᠡᠪᠡᠴᠦ ᠲᠡᠭᠦᠨ ᠤ ᠪᠡᠶ᠎ᠡ ᠨᠢ ᠵᠡᠮᠳᠡᠭ  ᠴᠣ᠋ ᠵᠣᠷᠢᠭ ᠴᠢᠩᠭ᠎ᠠ ᠪᠠᠶᠢᠵᠣ᠂ 1979 ᠣᠨ ᠳᠤ ᠠᠩᠬ᠎ᠠ ᠳᠤᠮᠳᠠᠳᠤ ᠪᠠᠨ ᠲᠡᠭᠦᠰᠦᠭᠰᠡᠨ ᠤ ᠲᠠᠷᠠᠭ᠎ᠠ᠂ ᠲᠡᠷᠡ ᠭᠡᠷ ᠤᠨ ᠴᠠᠬᠢᠯᠭᠠᠨ ᠬᠡᠷᠡᠭᠰᠡᠯ ᠰᠡᠯᠪᠢᠨ ᠵᠠᠰᠠᠬᠤ ᠮᠡᠷᠬᠡᠵᠢᠯ ᠰᠤᠷᠴᠤ᠂ ᠠᠭᠠᠵᠢᠮ ᠢᠶᠠᠷ ᠡᠯ᠎ᠡ ᠵᠦᠢᠯ  ᠤᠨ ᠭᠡᠷ ᠤᠨ ᠴᠠᠬᠢᠯᠭᠠᠨ ᠬᠡᠷᠡᠭᠰᠡᠯ ᠢ ᠵᠠᠰᠠᠵᠦ ᠴᠢᠳᠠᠳᠠᠭ ᠪᠣᠯᠵᠠᠢ᠃ 1985 ᠣᠨ ᠳᠤ᠂ ᠬᠠᠨ ᠰᠢᠶᠤᠤ ᠶᠦᠩ ᠡᠵᠡᠩᠨᠡᠯᠲᠡ ᠶᠢᠨ ᠦᠨᠡᠮᠯᠡᠯ ᠠᠪᠴᠤ᠂  ︽ᠬᠠᠨ ᠰᠢᠶᠤᠤ ᠶᠦᠩ ᠭᠡᠷ ᠤᠨ ᠴᠠᠬᠢᠯᠭᠠᠨ ᠬᠡᠷᠡᠭᠰᠡᠯ ᠰᠡᠯᠪᠢᠨ ᠵᠠᠰᠠᠬᠤ︾ ᠲᠡᠯᠬᠡᠬᠦᠷ ᠢᠶᠠᠨ ᠠᠵᠢᠯᠯᠠᠭᠤᠯᠵᠦ  ᠤᠳᠤ ᠪᠤᠯᠬᠤ ᠳᠤ ᠭᠤᠴᠢᠭᠠᠳ ᠵᠢᠯ ᠤᠨ ᠲᠤᠷᠰᠢ᠂ ᠬᠠᠨ ᠰᠢᠶᠤᠤ ᠶᠦᠩ ᠲᠦᠮᠡ ᠭᠠᠷᠤᠢ ᠭᠡᠷ ᠤᠨ ᠴᠠᠬᠢᠯᠭᠠᠨ ᠬᠡᠷᠡᠭᠰᠡᠯ ᠢ ᠵᠠᠰᠠᠨ ᠰᠢᠨᠡᠳᠬᠡᠭᠰᠡᠨ ᠶᠣᠮ᠃     ᠬᠠᠨ ᠰᠢᠶᠤᠤ ᠶᠦᠩ‌ᠨᠠᠰᠤ ᠠᠬᠢᠬᠤ ᠶᠢ ᠳᠠᠭᠠᠯᠳᠤᠨ᠂ ᠰᠠ ᠡᠪᠡᠳᠴᠢᠨ ᠳᠤ  ᠨᠡᠷᠪᠡᠭᠳᠡᠵᠦ᠂ ᠡᠨᠡᠬᠦ  ᠭᠡᠨᠡᠳᠲᠡ  ᠶᠢᠨ ᠡᠪᠡᠳᠴᠢᠨ ᠨᠢ ᠲᠡᠬᠦᠨ ᠳᠤ ᠬᠦᠨᠳᠦ ᠴᠣᠬᠢᠯᠲᠠ ᠪᠣᠯᠵᠦ᠂ ᠰᠣᠨᠣᠰᠬᠤ ᠴᠢᠳᠠᠪᠣᠷᠢ ᠪᠠ ᠶᠠᠪᠣᠵᠦ ᠰᠠᠭᠤᠬᠤ ᠨᠢ ᠨᠡᠩ ᠲᠦᠬᠦᠮ ᠦᠬᠡᠢ ᠪᠣᠯᠵᠠᠢ᠃ ᠬᠡᠪᠡᠴᠦ ᠡᠨᠡᠬᠦ ᠬᠦᠨᠳᠦ ᠬᠡᠴᠡᠬᠦᠦ ᠪᠠᠶᠢᠳᠠᠯ ᠤᠨ ᠲᠣᠣᠷ᠎ᠠ ᠲᠡᠷᠡ ᠮᠥᠨ ᠯᠡ ᠴᠠᠬᠢᠯᠭᠠᠨ ᠬᠡᠷᠡᠭᠰᠡᠯ ᠵᠠᠰᠠᠬᠤ ᠳᠤᠷ᠎ᠠ ᠪᠠᠬ᠎ᠠ ᠪᠠ ᠪᠠᠷᠢᠮᠲᠠᠯᠠᠯ ᠢᠶᠠᠨ ᠬᠠᠶᠠᠭᠰᠠᠨ ᠦᠭᠡᠢ᠃ ᠥᠢᠭ᠎ᠠ ᠥᠬᠡᠢ ᠴᠢᠷᠮᠠᠶᠢᠯᠭ᠎ᠠ ᠪᠠᠷ ᠲᠡᠭᠦᠨ ᠤ ᠠᠮᠢᠳᠤᠷᠠᠯ ᠡᠳᠦᠷ ᠠᠴᠠ ᠡᠳᠦᠷ  ᠰᠠᠶᠢᠵᠢᠷᠠᠵᠤ᠂ ᠤᠳᠤ ᠲᠡᠭᠦᠨ ᠤ ᠬᠦᠦ ᠨᠢ ᠨᠢᠭᠡᠨᠲᠡ ᠠᠶᠢᠯ ᠪᠤᠯᠵᠤ ᠠᠳᠠᠯ ᠪᠤᠰᠬᠠᠨ᠂ ᠭᠡᠷ ᠪᠦᠯᠢ  ᠳᠡᠭᠡᠨ ᠪᠠᠶᠠᠷ ᠵᠢᠷᠭᠠᠯ ᠲᠠᠢ ᠥᠳᠡᠯᠥᠭᠡ ᠨᠠᠰᠤ ᠪᠠᠨ ᠥᠩᠭᠡᠷᠡᠬᠦᠯᠵᠦ ᠪᠠᠶᠢᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号