ᠬᠡᠷ ᠤᠨ ᠠᠬᠠᠮᠠᠳ ᠤᠨ ᠰᠠᠶᠢᠨ ᠲᠤᠷᠠᠴᠤᠳ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠳᠤᠯᠠᠬᠤ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2024/6/14
      ᠡᠳᠦᠷ ᠪᠦᠷᠢ ᠰᠤᠷᠭᠠᠭᠤᠯᠢ ᠳᠠᠷᠬᠠᠵᠤ ᠴᠤᠭᠯᠠᠬᠤ ᠴᠠᠭ ᠲᠤ ᠵᠠᠮ ᠳᠡᠭᠡᠷ᠎ᠡ᠂ ᠰᠤᠷᠭᠠᠭᠤᠯᠢ ᠶᠢᠨ ᠡᠭᠦᠳᠡᠨ ᠳᠤ ᠳᠡᠷᠭᠡ ᠤᠨᠤᠭ᠎ᠠ ᠬᠠᠮᠤᠭ ᠤᠯᠠᠨ ᠴᠤᠭᠯᠠᠷᠠᠳᠠᠭ ᠠᠴᠠ ᠬᠡᠦᠬᠡᠳ ᠤᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠳᠤᠯᠠᠬᠤ ᠶᠢᠨ ᠲᠤᠰᠠᠳᠠ ᠭᠡᠰᠡᠭ ᠬᠡᠷ ᠤᠨ ᠠᠬᠠᠮᠠᠳ ᠲᠤᠭᠳᠠᠭᠰᠠᠨ ᠴᠠᠭ ᠲᠠᠭᠠᠨ ᠰᠤᠷᠭᠠᠭᠤᠯᠢ ᠶᠢᠨ ᠡᠭᠦᠳᠡᠨ ᠳᠡᠭᠡᠷ᠎ᠡ ᠢᠷᠡᠵᠦ᠂ ᠰᠤᠷᠭᠠᠭᠤᠯᠢ ᠶᠢᠨ ᠡᠷᠬᠢᠨ ᠲᠤᠭᠤᠷᠢᠨ ᠤ ᠵᠠᠮ ᠬᠠᠷᠢᠯᠴᠠᠭᠠᠨ ᠤ ᠡᠮᠬᠢ ᠵᠢᠷᠤᠮ ᠢ ᠪᠠᠳᠤᠯᠠᠬᠤ ᠳᠤ ᠤᠷᠤᠯᠴᠠᠨ᠂ ᠬᠡᠦᠬᠡᠳ ᠤᠳ ᠤᠨ ᠵᠠᠮ ᠢᠶᠠᠷ ᠬᠡᠳᠦᠯᠬᠦ᠂ ᠰᠤᠷᠭᠠᠭᠤᠯᠢ ᠶᠢᠨ ᠬᠦᠷᠢᠶᠡᠨ ᠳᠤ ᠤᠷᠤᠵᠤ ᠭᠠᠷᠬᠤ ᠶᠢ ᠰᠠᠬᠢᠨ ᠬᠠᠮᠠᠭᠠᠯᠠᠵᠤ ᠪᠠᠶᠢᠳᠠᠭ᠃ ᠡᠳᠡᠭᠡᠷ ᠬᠦᠮᠦᠰ ᠪᠤᠯ ᠳᠠᠷᠤᠢ ︽ᠰᠤᠷᠤᠭᠴᠢᠳ ᠲᠤ ᠬᠠᠯᠠᠮᠵᠢ ᠬᠦᠷᠳᠡᠭᠡᠨ ᠠᠮᠤᠷ ᠲᠦᠪᠰᠢᠨ ᠢ ᠬᠠᠮᠠᠭᠠᠯᠠᠬᠤ︾ ᠭᠡᠷ ᠤᠨ ᠠᠬᠠᠮᠠᠳ ᠤᠨ ᠰᠠᠶᠢᠨ ᠳᠤᠷᠠᠴᠤᠳ ᠪᠤᠯᠤᠨ᠎ᠠ᠃     ᠰᠤᠷᠭᠠᠭᠤᠯᠢ ᠶᠢᠨ ᠡᠭᠦᠳᠡᠨ ᠳᠤ ᠡᠳᠡᠭᠡᠷ ᠰᠠᠶᠢᠨ ᠳᠤᠷᠠᠴᠤᠳ᠄ ︽ᠲᠠ ᠲᠡᠷᠭᠡ ᠪᠠᠨ ᠭᠠᠷᠴᠠ ᠠᠴᠠ ᠬᠤᠯᠠ ᠵᠤᠭᠰᠤᠭᠠᠵᠤ᠂ ᠵᠠᠮ ᠬᠠᠷᠢᠯᠴᠠᠭ᠎ᠠ ᠲᠦᠭᠵᠢᠷᠡᠬᠦ ᠠᠴᠠ ᠵᠠᠶᠢᠯᠠᠰᠬᠢᠭᠡᠷᠡᠢ︾ ︽ᠬᠡᠷ ᠤᠨ ᠠᠬᠠᠮᠠᠳ ᠪᠢᠲᠡᠭᠡᠶ ᠶᠠᠭᠠᠷᠠᠭᠠᠷᠠᠶ᠂ ᠬᠡᠦᠬᠡᠳ ᠤᠳ ᠡᠮᠬᠢ ᠵᠢᠷᠤᠮ ᠲᠠᠢ ᠪᠠᠷ ᠮᠥᠷᠯᠡᠭᠡᠷᠡᠶ︾ ᠭᠡᠵᠦ ᠰᠠᠨᠠᠭᠤᠯᠤᠨ᠂ ᠬᠡᠦᠬᠡᠳ ᠤᠳ ᠲᠤ ᠠᠮᠤᠷ ᠲᠦᠪᠰᠢᠨ᠂ ᠡᠶ᠎ᠡ ᠵᠣᠬᠢᠴᠠᠩᠭᠤᠶ᠂ ᠪᠣᠯᠪᠠᠰᠤᠨ᠂ ᠡᠮᠬᠢ ᠵᠢᠷᠤᠮ ᠲᠠᠢ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠶᠢᠨ ᠬᠠᠮᠲᠤ ᠬᠡᠷ ᠪᠦᠯᠢ ᠪᠠ ᠰᠤᠷᠭᠠᠭᠤᠯᠢ ᠶᠢᠨ ᠬᠠᠮᠳᠤᠷᠠᠯᠴᠠᠭ᠎ᠠ ᠶᠢ ᠠᠬᠢᠭᠤᠯᠤᠭᠰᠠᠨ ᠪᠠᠶᠢᠨ᠎ᠠ᠃     ᠭᠡᠷ ᠤᠨ ᠠᠬᠠᠮᠠᠳ ᠤᠨ ᠰᠠᠶᠢᠨ ᠳᠤᠷᠠᠴᠢᠨ᠄ ︽ᠭᠡᠷ ᠤᠨ ᠠᠬᠠᠮᠠᠳ ᠪᠣᠯᠤᠭᠰᠠᠨ ᠤ ᠬᠤᠪᠢ ᠳᠤ ᠪᠢᠳᠡ ᠬᠡᠦᠬᠡᠳ ᠤᠨ ᠰᠤᠷᠤᠯᠭ᠎ᠠ ᠶᠢᠨ ᠬᠢᠷᠢ ᠪᠦᠲᠦᠮᠵᠢ ᠶᠢ ᠠᠩᠬᠠᠷᠤᠨ ᠬᠠᠯᠠᠮᠵᠢᠯᠠᠬᠤ ᠪᠠᠷ ᠪᠠᠷᠠᠬᠤ ᠦᠭᠡᠢ ᠪᠠᠰᠠ ᠲᠡᠳᠡᠨ ᠤ ᠠᠮᠤᠷ ᠲᠦᠪᠰᠢᠨ ᠢ ᠴᠢᠬᠤᠯᠠᠴᠢᠯᠠᠬᠤ ᠬᠡᠷᠡᠭᠲᠡᠢ᠃ ᠬᠡᠦᠬᠡᠳ ᠤᠳ ᠲᠤ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠣᠶᠢᠵᠢᠬᠤ ᠤᠷᠴᠢᠨ ᠬᠠᠩᠭᠠᠬᠤ ᠶᠢᠨ ᠲᠥᠯᠥᠭᠡ ᠪᠢᠳᠡ ᠡᠭᠡᠯᠵᠢᠯᠡᠨ ᠠᠵᠢᠯ ᠤᠨ ᠪᠠᠶᠢᠷᠢ ᠪᠠᠨ ᠰᠠᠬᠢᠵᠦ ᠪᠠᠶᠢᠨ᠎ᠠ︾ ᠭᠡᠯ᠎ᠡ᠃     ᠭᠡᠷ ᠤᠨ ᠠᠬᠠᠮᠠᠳ ᠤᠨ ᠰᠠᠶᠢᠨ ᠳᠤᠷᠠᠴᠤᠳ ᠪᠣᠳᠠᠲᠤ ᠠᠵᠢᠯᠯᠠᠭ᠎ᠠ ᠪᠠᠷ ᠢᠶᠠᠨ ᠬᠡᠦᠬᠡᠳ ᠤᠳ ᠢ ᠬᠠᠶᠢᠷᠠᠯᠠᠨ ᠳᠡᠳᠡᠨ ᠳᠤ ᠬᠠᠯᠠᠮᠵᠢ ᠬᠦᠷᠳᠡᠭᠡᠵᠦ᠂ ᠠᠮᠤᠷ ᠲᠦᠪᠰᠢᠨ᠂ ᠳᠠᠭᠠᠯᠠᠮᠵᠢᠳᠠᠢ ᠰᠤᠷᠤᠯᠴᠠᠯᠭ᠎ᠠ ᠶᠢᠨ ᠤᠷᠴᠢᠨ ᠬᠠᠩᠭᠠᠵᠤ ᠦᠭᠭᠦ ᠶᠢᠨ ᠲᠦᠯᠦᠭᠡ ᠪᠦᠬᠦ ᠬᠦᠴᠦᠨ ᠢᠶᠠᠷ ᠢᠶᠠᠨ ᠴᠢᠷᠮᠠᠶᠢᠵᠦ᠂ ᠰᠤᠷᠭᠠᠭᠤᠯᠢ ᠬᠡᠷ ᠪᠦᠯᠢ ᠶᠢᠨ ᠬᠠᠮᠳᠤᠷᠠᠯᠴᠠᠭ᠎ᠠ ᠶᠢ ᠤᠯᠠᠮ ᠬᠦᠨᠵᠡᠭᠡᠶᠢᠷᠡᠭᠦᠯᠵᠦ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号