ᠰᠢᠯᠤᠭᠤᠨ ᠬᠥᠬᠡ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠎ ᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/6/18
      ᠰᠢᠯᠤᠭᠤᠨ ᠬᠥᠬᠡ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠥᠷᠥᠴᠡᠨ ᠳᠤ ᠪᠠᠶᠢᠷᠢᠯᠠᠵᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠦᠨ᠂ ᠠᠮᠢ ᠠᠬᠤᠶ ᠶᠢ ᠬᠠᠮᠠᠭᠠᠯᠠᠨ ᠵᠠᠰᠠᠵᠤ ᠰᠡᠷᠭᠦᠭᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠳᠥᠯᠭᠢᠨ ᠠᠬᠢᠭᠤᠯᠵᠤ ᠪᠠᠶᠢᠨ᠎ᠠ᠃      ᠰᠢᠯᠤᠭᠤᠨ ᠬᠥᠬᠡ ᠬᠤᠰᠢᠭᠤᠨ ᠤ ᠰᠠᠩ ᠤᠨ ᠲᠡᠯᠡᠶ ᠪᠠᠯᠭᠠᠰᠤᠨ ᠤ ᠡᠷᠳᠡᠨᠢᠳᠠᠯᠠᠶ ᠭᠠᠴᠠᠭᠠᠨ ᠤ ᠡᠯᠡᠰᠦ ᠶᠢ ᠵᠠᠰᠠᠬᠤ ᠲᠤᠬᠠᠶ ᠶᠢᠨ ᠲᠠᠯᠠᠪᠠᠶ ᠳᠤ ᠠᠵᠢᠯᠴᠢᠳ ᠲᠤᠰᠬᠠᠢ ᠮᠠᠰᠢᠨ ᠢᠶᠠᠷ ᠮᠤᠳᠤ ᠪᠤᠷᠭᠠᠰᠤ ᠲᠠᠷᠢᠵᠦ ᠪᠠᠶᠢᠯ᠎ᠠ᠃ ᠲᠤᠰ ᠲᠥᠷᠥᠯ ᠵᠦᠢᠯ ᠤᠨ ᠣᠷᠣᠨ ᠳᠤ ᠡᠪᠡᠰᠦ ᠤᠷᠭᠤᠮᠠᠯ ᠰᠡᠶᠢᠷᠡᠭ ᠪᠠᠶᠢᠵᠦ᠂ ᠶᠡᠬᠡᠩᠬᠢ ᠨᠢ ᠨᠡᠭᠦᠳᠡᠯ ᠬᠠᠭᠠᠰ ᠨᠡᠭᠦᠳᠡᠯ ᠡᠯᠡᠰᠦᠷᠬᠡᠭ ᠭᠠᠵᠠᠷ ᠪᠣᠯᠤᠨ᠎ᠠ᠃ ᠰᠢᠯᠤᠭᠤᠨ ᠬᠥᠬᠡ ᠬᠤᠰᠢᠭᠤ ᠪᠤᠳᠠᠳᠠᠢ ᠪᠠᠶᠢᠳᠠᠯ ᠳᠤᠨᠢ ᠲᠤᠬᠢᠷᠠᠭᠤᠯᠤᠨ ᠠᠷᠭ᠎ᠠ ᠠᠪᠴᠠᠯ ᠬᠡᠷᠡᠭᠵᠢᠭᠦᠯᠵᠦ᠂ ᠡᠨᠡᠬᠦ ᠬᠡᠰᠡᠭ ᠭᠠᠵᠠᠷ ᠲᠤ ᠡᠯᠡᠰᠦᠨ ᠬᠠᠯᠬᠠᠪᠴᠢ ᠳᠡᠪᠢᠰᠦᠭᠰᠡᠨ ᠤ ᠳᠠᠷᠠᠭ᠎ᠠ ᠬᠠᠷᠠᠭᠠᠨ᠎ᠠ᠂ ᠲᠤᠷᠯᠤᠭ᠂ ᠮᠤᠷᠢᠨ ᠬᠤᠨᠴᠢᠷ ᠵᠡᠷᠭᠡ ᠤᠷᠭᠤᠮᠠᠯ ᠤᠨ ᠦᠷ᠎ᠡ ᠶᠢ ᠲᠠᠷᠢᠵᠠᠢ᠃ ᠡᠨᠡ ᠨᠢ ᠡᠯᠡᠰᠦ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠪᠠᠷ ᠢᠯᠡᠷᠬᠡᠶ ᠪᠠᠶᠢᠵᠤ᠂ ᠲᠠᠷᠢᠭᠰᠠᠨ ᠦᠷ᠎ᠡ ᠨᠢ ᠬᠠᠭᠠᠰ ᠰᠠᠷ᠎ᠠ ᠎ ᠶᠢᠨ ᠳᠠᠷᠠᠭ᠎ᠠ ᠰᠤᠶᠤᠭᠠᠯᠠᠨ᠂ ᠬᠥᠷᠥᠰᠥᠨ ᠤ ᠤᠷᠭᠤᠮᠠᠯ ᠤᠨ ᠣᠯᠠᠨ ᠶᠠᠩᠵᠤᠲᠤ ᠴᠢᠨᠠᠷ ᠢ ᠨᠡᠮᠡᠭᠳᠡᠭᠦᠯᠵᠦ᠂ ᠤᠷᠭᠤᠮᠠᠯ ᠤᠨ ᠬᠤᠴᠢᠯᠭ᠎ᠠ ᠶᠢ ᠳᠡᠭᠡᠭᠰᠢᠯᠡᠭᠦᠯᠬᠦ ᠪᠣᠯᠤᠨ᠎ᠠ᠃     ᠰᠢᠯᠤᠭᠤᠨ ᠬᠥᠬᠡ ᠬᠤᠰᠢᠭᠤᠨ ᠤ ᠣᠶ ᠰᠢᠭᠤᠶ ᠶᠢᠨ ᠠᠵᠢᠯᠯᠠᠬᠤ ᠦᠷᠳᠡᠭᠡᠨ ᠤ ᠳᠠᠷᠤᠭ᠎ᠠ ᠵᠧᠩ ᠳ᠋ᠦᠩ ᠬᠤᠩ ᠬᠡᠯᠡᠬᠦ ᠳᠡᠭᠡᠨ᠄ ︽ᠡᠨᠡ ᠪᠤᠯ ᠰᠢᠯᠢ ᠶᠢᠨ ᠭᠤᠤᠯ ᠠᠶᠢᠮᠠᠭ ᠤᠨ ︽ᠥᠪᠥᠷ ᠮᠣᠩᠭᠤᠯ ᠾᠧᠪᠧᠶ ᠶᠢᠨ ᠵᠠᠭᠠᠭ︾ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ ᠲᠥᠷᠥᠯ ᠵᠦᠶᠯ ᠪᠤᠯᠤᠨ᠎ᠠ᠃ ᠡᠨᠡ ᠵᠢᠯ ᠭᠤᠤᠯᠳᠠᠭᠤ ᠲᠠᠪᠤᠨ ᠵᠦᠶᠯ ᠤᠨ ᠵᠠᠰᠠᠯᠲᠠ ᠶᠢᠨ ᠵᠠᠭᠪᠤᠷ ᠢ ᠬᠡᠷᠡᠭᠯᠡᠨ᠎ᠡ᠃ ᠡᠯᠡᠰᠦᠨ ᠬᠠᠯᠬᠠᠪᠴᠢ᠂ ᠲᠣᠤᠷᠯᠢᠭ ᠬᠡᠯᠪᠡᠷᠢ ᠶᠢᠨ ᠡᠯᠡᠰᠦᠨ ᠬᠠᠯᠬᠠᠪᠴᠢ ᠶᠢ ᠨᠢᠭᠡᠨᠲᠡ 6000 ᠭᠠᠷᠤᠶ ᠮᠥ ᠪᠡᠶᠡᠯᠡᠭᠦᠯᠵᠡᠢ᠃ ᠡᠯ᠎ᠡ ᠵᠦᠶᠯ ᠤᠨ ᠡᠯᠡᠰᠦᠨ ᠬᠠᠯᠬᠠᠪᠴᠢ ᠶᠢ ᠳᠡᠪᠢᠰᠬᠦ ᠪᠠᠷ ᠳᠡᠮᠵᠢᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢ ᠠᠬᠢᠭᠤᠯᠬᠤ ᠪᠤᠯᠤᠨ᠎ᠠ︾ ᠭᠡᠯ᠎ᠡ᠃      ᠣᠳᠣᠬᠠᠨ ᠳᠤ᠂ ᠮᠠᠨ ᠤ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠪᠦᠬᠦᠨ ᠢᠶᠠᠷ ᠢᠶᠠᠨ ᠠᠵᠢᠯ ᠡᠬᠢᠯᠡᠵᠦ᠂ ᠡᠯᠡᠰᠦ ᠶᠢ ᠲᠣᠭᠲᠠᠪᠤᠷᠢᠵᠢᠭᠤᠯᠬᠤ᠂ ᠡᠯᠡᠰᠦ ᠶᠢ ᠪᠢᠲᠡᠭᠦᠮᠵᠢᠯᠡᠨ ᠡᠪᠡᠰᠦ ᠲᠠᠷᠢᠬᠤ᠂ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠤᠭᠴᠠᠵᠢᠭᠤᠯᠤᠨ ᠡᠯᠡᠰᠦ ᠶᠢ ᠵᠠᠰᠠᠬᠤ ᠢᠨᠵᠧᠨᠧᠷᠢᠩ ᠵᠡᠷᠭᠡ ᠶᠢ ᠡᠬᠢᠯᠡᠭᠦᠯᠦᠨ᠂ ᠪᠥᠬᠦ ᠠᠷᠠᠳ ᠤᠨ ᠣᠷᠣᠯᠴᠠᠬᠤ ᠢᠳᠡᠪᠬᠢᠵᠢᠯ ᠴᠦ ᠨᠡᠮᠡᠭᠳᠡᠭᠰᠡᠨ ᠪᠠᠶᠢᠨ᠎ᠠ᠃    ᠮᠠᠨᠳᠤᠯ᠎ᠠ ᠪᠣᠯ ᠰᠢᠯᠤᠭᠤᠨ ᠬᠦᠬᠡ ᠬᠤᠰᠢᠭᠤᠨ ᠤ ᠵᠢᠭᠠᠰᠤᠲᠠᠢ ᠰᠤᠮᠤᠨ ᠤ ᠪᠠᠶᠠᠨᠬᠠᠩᠭᠠᠢ ᠭᠠᠴᠠᠭᠠᠨ ᠤ ᠮᠠᠯᠴᠢᠨ ᠃ ᠡᠳᠡᠨᠡᠶᠢᠬᠢ 30 ᠰᠢᠬᠠᠮ ᠦᠬᠡᠷ᠂ 50 ᠭᠠᠷᠤᠢ ᠬᠤᠨᠢ ᠮᠠᠯᠵᠢᠳᠠᠭ᠃ ᠤᠶᠢᠷ᠎ᠠ ᠳᠤ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠶᠯ ᠳᠤ ᠤᠷᠤᠯᠴᠠᠵᠤ ᠪᠠᠶᠢᠭ᠎ᠠ ᠳᠡᠷᠡᠪᠡᠷ᠄ ︽ᠠᠳᠡ ᠢᠷᠡᠵᠦ ᠠᠵᠢᠯᠯᠠᠭᠠᠳ ᠠᠷᠪᠠᠭᠠᠳ ᠡᠳᠦᠷ ᠪᠣᠯᠵᠤ ᠪᠠᠶᠢᠨ᠎ᠠ᠂ ᠭᠤᠤᠯᠳᠠᠭᠤ ᠠᠵᠢᠯᠴᠢᠳ ᠲᠤ ᠪᠤᠷᠭᠠᠰᠤ ᠵᠥᠭᠡᠭᠡᠪᠦᠷᠢᠯᠡᠵᠦ ᠥᠭᠭᠦᠨ᠎ᠡ᠂ ᠬᠥᠮᠦᠨ ᠪᠦᠷᠢ ᠡᠳᠦᠷ ᠎ ᠲᠤ 200 ᠲᠥᠭᠦᠷᠢᠭ᠂ ᠪᠢ ᠥᠪᠡᠷ ᠤᠨ ᠲᠡᠷᠭᠡ ᠪᠠᠷ ᠢᠶᠠᠨ ᠠᠵᠢᠯᠯᠠᠵᠤ ᠪᠠᠶᠢᠭ᠎ᠠ ᠤᠴᠢᠷ ᠠᠴᠠ 200 ᠲᠥᠭᠦᠷᠢᠭ ᠨᠡᠮᠡᠳᠡᠭ᠃ ᠬᠤᠶᠠᠷ ᠬᠥᠮᠦᠨ ᠡᠳᠦᠷ ᠲᠤ 600 ᠭᠠᠷᠤᠶ ᠲᠥᠭᠦᠷᠢᠭ ᠣᠯᠤᠨ᠎ᠠ᠃ ᠣᠳᠣ ᠭᠡᠷ ᠵᠠᠭᠤᠷ᠎ᠠ ᠳᠡᠮᠡᠶ ᠠᠷᠪᠢᠨ ᠠᠵᠢᠯ ᠦᠭᠡᠢ ᠪᠤᠯᠬᠤᠷ ᠠᠳᠡ ᠢᠷᠡᠵᠦ ᠠᠵᠢᠯᠯᠠᠵᠤ ᠪᠠᠶᠢᠨ᠎ᠠ︾ ᠭᠡᠯ᠎ᠡ᠃    ᠡᠯᠡᠰᠦ ᠶᠢ ᠵᠠᠰᠠᠵᠤ ᠣᠶᠢᠵᠢᠭᠤᠯᠬᠤ ᠠᠵᠢᠯ ᠤᠨ ᠳᠤᠮᠳᠠ᠂ ᠰᠢᠯᠤᠭᠤᠨ ᠬᠥᠬᠡ ᠬᠤᠰᠢᠭᠤ ᠴᠠᠭ ᠲᠤᠬᠢᠶᠠᠯ ᠢ ᠠᠮᠵᠢᠨ ᠢᠨᠵᠧᠨᠧᠷᠢᠩ ᠤᠨ ᠶᠠᠰᠤ ᠴᠢᠨᠠᠷ ᠢ ᠴᠢᠩᠭ᠎ᠠ ᠠᠳᠬᠤᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠎ ᠶᠢ ᠪᠠᠷᠢᠮᠵᠢᠶ᠎ᠠ ᠶᠤᠰᠤᠭᠠᠷ ᠠᠬᠢᠭᠤᠯᠵᠤ ᠪᠠᠶᠢᠨ᠎ᠠ᠃ ᠡᠨᠡ ᠵᠢᠯ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠶᠯ ᠢ 23.24 ᠲᠦᠮᠡᠨ ᠮᠥ᠂ ᠥᠪᠥᠷ ᠮᠣᠩᠭᠤᠯ ᠤᠨ ᠵᠡᠭᠦᠨ ᠬᠡᠰᠡᠭ ᠤᠨ ᠨᠤᠲᠤᠭ ᠪᠡᠯᠴᠢᠭᠡᠷ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ 0.6 ᠲᠦᠮᠡᠨ ᠮᠤ᠋᠂ ᠣᠶᠢᠵᠢᠭᠤᠯᠵᠤ ᠨᠣᠭᠤᠭᠠᠷᠠᠭᠤᠯᠬᠤ ᠲᠥᠷᠥᠯ ᠵᠦᠢᠯ 0.8 ᠲᠦᠮᠡᠨ ᠮᠦ ᠶᠢ ᠪᠡᠶᠡᠯᠡᠬᠦᠯᠬᠦ ᠪᠤᠯᠤᠨ᠎ᠠ᠃ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠮᠠᠨ ᠤ ᠬᠤᠰᠢᠭᠤᠨ ᠳᠤ ᠪᠠᠭᠤᠯᠭᠠᠭᠰᠠᠨ ᠡᠭᠦᠷᠭᠡ 17.45 ᠲᠦᠮᠡᠨ ᠮᠥ ᠪᠠᠶᠢᠵᠦ᠂ ᠮᠠᠨ ᠤ ᠬᠤᠰᠢᠭᠤ ᠪᠣᠳᠠᠲᠠᠶ ᠲᠠᠢ ᠪᠠᠨ ᠤᠶᠠᠯᠳᠤᠭᠤᠯᠤᠨ 20.73 ᠲᠦᠮᠡᠨ ᠮᠥ ᠶᠢ ᠪᠡᠶᠡᠯᠡᠭᠦᠯᠬᠦ ᠪᠠᠷ ᠲᠦᠯᠦᠪᠯᠡᠵᠦ᠂ ᠡᠭᠦᠨ ᠎ ᠳᠤ ᠡᠯᠡᠰᠦ ᠶᠢ ᠪᠢᠲᠡᠭᠦᠮᠵᠢᠯᠡᠨ ᠡᠪᠡᠰᠦ ᠲᠠᠷᠢᠬᠤ 20 ᠲᠦᠮᠡᠨ ᠮᠥ᠂ ᠡᠯᠡᠰᠦ ᠶᠢ ᠲᠣᠭᠲᠠᠪᠤᠷᠢᠵᠢᠭᠤᠯᠬᠤ 0.73 ᠲᠦᠮᠡᠨ ᠮᠥ ᠳᠠᠯᠠᠪᠠᠢ ᠪᠠᠭᠳᠠᠵᠤ᠂ ᠤᠳᠤᠬᠠᠨ ᠪᠣᠯᠲᠠᠯ᠎ᠠ᠂ ᠪᠣᠳᠠ ᠮᠤᠳᠤ ᠶᠢ ᠳᠡᠭᠰᠢᠯᠡᠨ ᠲᠠᠷᠢᠬᠤ ᠵᠡᠷᠭᠡ ᠬᠠᠪᠤᠷ ᠤᠨ ᠤᠯᠠᠷᠢᠯ ᠤᠨ ᠡᠯᠡᠰᠦ ᠶᠢ ᠵᠠᠰᠠᠬᠤ ᠬᠡᠰᠡᠭ ᠲᠥᠷᠥᠯ ᠵᠦᠶᠯ ᠢ ᠨᠢᠭᠡᠨᠳᠡ ᠪᠡᠶᠡᠯᠡᠭᠦᠯᠦᠨ᠂ ᠠᠩᠬ᠎ᠠ ᠠᠯᠬᠤᠮ ᠤᠨ ᠦᠷ᠎ᠡ ᠪᠦᠲᠦᠮᠵᠢ ᠤᠯᠤᠭᠰᠠᠨ ᠪᠠᠶᠢᠨ᠎ᠠ᠃      ᠰᠢᠯᠤᠭᠤᠨ ᠬᠥᠬᠡ ᠬᠤᠰᠢᠭᠤ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠎ ᠢ ᠪᠠᠲᠤᠲᠠᠶ ᠠᠬᠢᠭᠤᠯᠵᠤ᠂ ᠰᠢᠰᠲ᠋ᠧᠮ ᠲᠠᠢ ᠵᠠᠰᠠᠬᠤ ᠶᠠᠪᠤᠴᠠ ᠳᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠎ ᠤᠨ ᠰᠡᠶᠢᠷᠡᠭᠵᠢᠭᠰᠡᠨ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠵᠢᠮ᠎ᠡ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠢ ᠥᠷᠨᠢᠭᠦᠯᠵᠦ᠂ ᠲᠤᠷᠤᠭ ᠮᠣᠳᠣ ᠪᠤᠲᠠᠯᠢᠭ ᠤᠷᠭᠤᠮᠠᠯ ᠢ ᠤᠶᠠᠯᠳᠤᠭᠤᠯᠤᠨ ᠳᠠᠷᠢᠵᠦ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠣᠶ ᠮᠣᠳᠣ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠲᠥᠷᠥᠯ ᠪᠠ ᠨᠢᠭᠲᠠᠴᠠ ᠶᠢ ᠵᠦᠶ ᠵᠣᠬᠢᠰᠲᠠᠶ ᠲᠣᠬᠢᠷᠠᠭᠤᠯᠤᠨ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠨᠡᠶᠢᠳᠡᠮ ᠵᠠᠰᠠᠬᠤ ᠶᠢ ᠪᠡᠶᠡᠯᠡᠭᠦᠯᠵᠦ᠂ ᠣᠶ ᠮᠣᠳᠣ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠳᠡᠭᠡᠭᠰᠢᠯᠡᠭᠦᠯᠦᠨ᠂ ᠡᠯᠡᠰᠦᠷᠬᠡᠭ ᠭᠠᠵᠠᠷ ᠢ ᠳᠠᠬᠢᠨ ᠨᠣᠭᠤᠭᠠᠷᠠᠭᠤᠯᠵᠤ᠂ ᠠᠮᠢ ᠠᠬᠤᠶ ᠶᠢᠨ ᠲᠡᠩᠴᠡᠭᠦᠷᠢ ᠶᠢ ᠪᠠᠳᠤᠯᠠᠬᠤ ᠪᠠᠷ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号