ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 100 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠶᠢᠰᠦᠳᠦᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/18
    6 ᠳ᠋ᠤᠭᠠᠷ ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 100 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠦᠪᠯᠡᠯ ᠤᠨ ᠶᠢᠰᠦᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ  ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠨ᠂ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠂ ᠰᠢᠯᠤᠭᠤᠨ ᠬᠥᠬᠡ ᠬᠤᠰᠢᠭᠤᠨ ᠤ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ ᠪᠣᠯᠤᠨ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠪᠠᠶᠢᠳᠠᠯ ᠵᠡᠷᠭᠡ ᠬᠠᠮᠢᠶ᠎ᠠ ᠲᠠᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠯᠠᠮ ᠴᠢᠨᠠᠭᠰᠢᠳᠠ ᠲᠥᠯᠥᠪᠵᠢᠭᠦᠯᠦᠨ ᠠᠬᠢᠭᠤᠯᠵᠤ᠂ ᠰᠢᠯᠤᠭᠤᠨ ᠬᠥᠬᠡ ᠬᠤᠰᠢᠭᠤᠨ ᠤ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠭᠤᠤᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠷᠠᠳ ᠤᠨ ᠠᠮᠢᠳᠤᠷᠠᠯ ᠢ ᠪᠠᠲᠤᠯᠠᠬᠤ᠂ ᠲᠦᠭᠰᠢᠭᠦᠷᠢ ᠶᠢ ᠰᠡᠷᠭᠡᠶᠢᠯᠡᠬᠦ ᠳᠤ ᠠᠰᠢᠭᠲᠠᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠠᠳᠬᠤᠵᠤ᠂ ᠰᠢᠯᠤᠭᠤᠨ ᠬᠥᠬᠡ ᠬᠤᠰᠢᠭᠤᠨ ᠤ ᠴᠢᠨᠠᠷ ᠰᠠᠶᠢᠲᠠᠶ ᠬᠥᠭᠵᠢᠯᠲᠡ  ᠶᠢ ᠠᠬᠢᠭᠤᠯᠬᠤ ᠬᠡᠷᠡᠭᠲᠡᠶ᠃ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢᠨ ᠰᠢᠪᠲᠤᠯᠤᠯᠲᠠ ᠶᠢ ᠴᠢᠩᠭᠠᠳᠬᠠᠵᠤ᠂ 2024 ᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠵᠦᠶᠯ ᠤᠨ ᠠᠵᠢᠯ ᠤᠨ ᠡᠭᠦᠷᠭᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃     ᠬᠤᠷᠠᠯ ᠠᠴᠠ᠂ ︽ᠲᠠᠪᠤᠨ ᠶᠡᠭᠡ ᠡᠭᠦᠷᠭᠡ︾ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ  ᠳᠤ ᠲᠣᠭᠲᠠᠭᠠᠵᠤ ᠥᠭᠭᠦᠭᠰᠡᠨ ᠠᠵᠢᠯᠯᠠᠭᠠᠨ ᠤ ᠬᠥᠲᠥᠯᠪᠦᠷᠢ ᠤᠴᠢᠷ ᠠᠴᠠ ᠡᠯ᠎ᠡ ᠲᠤᠰᠬᠠᠶ ᠳᠤᠭᠤᠶᠢᠯᠠᠩ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠥᠰᠦᠯ ᠪᠠ ᠡᠭᠦᠷᠭᠡ ᠶᠢᠨ ᠲᠣᠭᠤᠷᠢᠨ ᠳᠤ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠨᠠᠯ ᠱᠠᠭᠠᠷᠳᠠᠯᠭ᠎ᠠ ᠶᠣᠰᠣᠭᠠᠷ᠂ ᠡᠯ᠎ᠡ ᠲᠠᠯ᠎ᠠ ᠶᠢᠨ ᠬᠦᠴᠦᠨ ᠢ ᠭᠦᠶᠴᠡᠳ ᠲᠠᠶᠢᠴᠢᠯᠠᠨ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ  ᠪᠠᠷ ᠬᠡᠷᠡᠭᠯᠡᠵᠦ᠂ ᠬᠤᠷᠳᠤᠴᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠵᠦ᠂ ᠢᠨᠵᠧᠨᠧᠷᠢᠩ ᠤᠨ ᠲᠥᠷᠥᠯ ᠵᠦᠶᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠤᠳᠠᠳᠠᠶᠢᠵᠢᠭᠤᠯᠤᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ ᠢ ᠪᠥᠬᠦ ᠬᠦᠴᠦᠨ ᠢᠶᠠᠷ  ᠢᠶᠠᠨ ᠠᠬᠢᠭᠤᠯᠵᠤ᠂ ᠡᠬᠡ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号