ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/6/18
    ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠬᠦ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠤᠯᠭᠠᠨ᠂ ᠨᠠᠮ ᠵᠠᠰᠠᠭ ᠤᠨ ᠪᠠᠶᠢᠭᠤᠯᠭ᠎ᠠ᠂ ᠰᠤᠷᠭᠠᠭᠤᠯᠢ᠂ ᠰᠣᠨᠢᠨ ᠮᠡᠳᠡᠭᠡ ᠵᠠᠭᠤᠴᠢᠯᠠᠭᠤᠷ᠂ ᠣᠯᠠᠨ ᠨᠡᠶᠢᠲᠡ ᠶᠢᠨ ᠦᠶᠯᠡᠴᠢᠯᠡᠭᠡᠨ ᠤ ᠠᠵᠢᠯ ᠲᠥᠷᠥᠯ ᠤᠨ ᠠᠵᠢᠯᠲᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽2025 ᠣᠨ ᠪᠣᠯᠬᠤ ᠳᠤ ᠪᠥᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠵᠢᠯᠲᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠢ ᠪᠦᠬᠦᠨ ᠢ ᠪᠠᠷᠢᠮᠵᠢᠶ᠎ᠠ ᠳᠤ ᠬᠦᠷᠭᠡᠬᠦ︾ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ 6 ᠰᠠᠷ᠎ᠠ ᠶᠢᠨ 14 ᠤ ᠡᠳᠦᠷ ᠰᠢᠯᠤᠭᠤᠨ ᠬᠦᠭᠡ ᠬᠤᠰᠢᠭᠤ 2024 ᠣᠨ ᠤ ᠰᠢᠯᠤᠭᠤᠨ ᠬᠥᠬᠡ ᠬᠤᠰᠢᠭᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ︽ᠨᠢᠭᠡ ᠭᠠᠵᠠᠷ ᠲᠤ ᠨᠢᠭᠡ ᠲᠥᠷᠥ ᠶᠢᠨ ᠪᠣᠳᠣᠯᠭ᠎ᠠ ᠲᠣᠭᠲᠠᠭᠠᠬᠤ︾ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠭᠢᠯᠡᠪᠡ᠃     ᠲᠣᠰ ᠤᠳᠠᠭᠠᠨ ᠤ ᠪᠣᠯᠪᠠᠰᠤᠷᠠᠯ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠬᠦ ᠰᠠᠭᠤᠷᠢᠨ ᠭᠠᠵᠠᠷ ︵ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ ᠤᠨ ᠲᠤᠰᠬᠠᠶ ᠮᠡᠷᠭᠡᠵᠢᠯᠲᠡᠨ ᠠᠴᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠤᠬᠠᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠵᠢᠴᠢ ᠰᠢᠯᠭᠠᠯᠲᠠ ᠶᠢᠨ ᠱᠠᠭᠠᠷᠳᠠᠯᠭ᠎ᠠ ᠶᠢᠨ ᠲᠤᠬᠠᠢ ᠲᠠᠶᠢᠯᠤᠮᠵᠢ ᠬᠢᠵᠦ᠂ ᠨᠡᠶᠢᠲᠡᠯᠢᠭ ᠬᠡᠯᠡᠨ ᠤ ᠤᠨᠤᠯ ᠤᠨ ᠮᠡᠳᠡᠯᠭᠡ ᠶᠢ ᠭᠤᠣᠯᠳᠠᠯᠭ᠎ᠠ ᠲᠠᠢ ᠲᠠᠶᠢᠯᠪᠤᠷᠢᠯᠠᠨ᠂ ᠪᠤᠯᠪᠠᠰᠤᠷᠠᠯ ᠳᠤ ᠤᠷᠤᠯᠴᠠᠭᠰᠠᠳ ᠤᠨ ᠨᠡᠶᠢᠲᠡᠯᠢᠭ ᠬᠡᠯᠡᠨ ᠤ ᠬᠡᠷᠡᠭᠯᠡᠯᠲᠡ ᠶᠢᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠰᠢᠯᠭᠠᠯᠲᠠ ᠶᠢᠨ ᠶᠠᠪᠤᠴᠠ ᠶᠢ ᠤᠶᠢᠯᠠᠭᠠᠭᠤᠯᠤᠭᠰᠠᠨ ᠪᠠᠶᠢᠨ᠎ᠠ᠃     ᠪᠣᠯᠪᠠᠰᠤᠷᠠᠯ ᠢᠶᠠᠷ᠂ ᠪᠥᠬᠦ ᠬᠤᠰᠢᠭᠤᠨ ᠤ ᠡᠯ᠎ᠡ ᠱᠠᠲᠤᠨ ᠤ ᠪᠠᠶᠢᠭᠤᠯᠭ᠎ᠠ ᠶᠢᠨ ᠠᠯᠪᠠᠨ ᠠᠵᠢᠯᠲᠠᠨ ᠤ ᠨᠡᠶᠢᠲᠡᠯᠢᠭ ᠬᠡᠯᠡ ᠶᠢ ᠰᠤᠷᠤᠯᠴᠠᠬᠤ᠂ ᠬᠡᠷᠡᠭᠯᠡᠬᠦ᠂ ᠳᠡᠯᠭᠡᠷᠡᠭᠦᠯᠬᠦ ᠢᠳᠡᠪᠬᠢᠵᠢᠯ ᠪᠠ ᠤᠬᠠᠮᠰᠠᠷᠲᠤ ᠴᠢᠨᠠᠷ ᠢ ᠭᠦᠶᠴᠡᠳ ᠳᠠᠶᠢᠴᠢᠯᠠᠵᠤ᠂ ᠠᠵᠢᠯ ᠤᠨ ᠳᠤᠮᠳᠠ ᠪᠠᠨ ᠬᠥᠮᠦᠨ ᠪᠦᠬᠦᠨ ᠨᠡᠶᠢᠲᠡᠯᠢᠭ ᠬᠡᠯᠡ ᠪᠠᠷ ᠶᠠᠷᠢᠬᠤ᠂ ᠪᠣᠯᠪᠠᠰᠤᠨ ᠬᠡᠯᠡ ᠪᠠᠷ ᠶᠠᠷᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠨ᠂ ᠠᠯᠪᠠᠲᠠᠨ ᠤ ᠡᠩᠨᠡᠭᠡ ᠶᠢᠨ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠠᠭᠤᠷᠢ ᠶᠢ ᠪᠠᠳᠤᠳᠬᠠᠭᠰᠠᠨ ᠪᠠᠶᠢᠨ᠎ᠠ᠃ ᠪᠦᠬᠦ ᠬᠤᠰᠢᠭᠤᠨ  ᠤ 180 ᠭᠠᠷᠤᠶ ᠬᠦᠮᠦᠨ ᠪᠣᠯᠪᠠᠰᠤᠷᠠᠯ ᠳᠤ ᠤᠷᠤᠯᠴᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号