ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/18
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 6 ᠰᠠᠷ᠎ᠠ ᠶᠢᠨ 18 ᠤ ᠨᠤᠲᠤᠭ ᠪᠡᠯᠴᠢᠭᠡᠷ ᠢ ᠬᠠᠮᠠᠭᠠᠯᠠᠬᠤ ᠡᠳᠦᠷ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠰᠤᠷᠲᠠᠯ ᠤᠬᠠᠭᠤᠯᠭ᠎ᠠ ᠰᠣᠶᠣᠯ ᠤᠨ ᠶᠠᠮᠤᠨ ᠤ ᠳᠡᠳ᠋ ᠰᠠᠶᠢᠳ ᠰᠥᠩ ᠢᠦᠢ ᠷᠦᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠨᠢᠨ ᠮᠡᠳᠡᠭᠡᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠬᠥᠭᠵᠢᠭᠦᠯᠦᠯᠲᠡ ᠶᠢᠨ ᠶᠠᠮᠤᠨ ᠤ ᠳᠡᠳ᠋ ᠰᠠᠶᠢᠳ ᠹᠠᠨ ᠯᠢ ᠫᠢᠩ᠂ ᠳᠤᠮᠳᠠᠳᠤ ᠤᠯᠤᠰ ᠤᠨ ᠨᠤᠳᠤᠭ ᠪᠡᠯᠴᠢᠭᠡᠷ ᠤᠨ ᠨᠡᠶᠢᠭᠡᠮᠯᠢᠭ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠺᠦᠨ᠂ ᠳᠤᠮᠳᠠᠳᠤ ᠤᠯᠤᠰ ᠤᠨ ᠨᠤᠳᠤᠭ ᠪᠡᠯᠴᠢᠭᠡᠷ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠬᠤᠸᠠᠩ ᠳ᠋ᠢᠩ ᠨᠡᠷ 6 ᠰᠠᠷ᠎ᠠ ᠶᠢᠨ 14 ᠤ ᠡᠳᠦᠷ ᠰᠢᠯᠤᠭᠤᠨ ᠬᠥᠬᠡ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠯ᠎ᠡ᠃     ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠨᠤᠲᠤᠭ ᠪᠡᠯᠴᠢᠭᠡᠷ ᠤᠨ ᠨᠡᠶᠢᠭᠡᠮᠯᠢᠭ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠨᠢᠨ ᠮᠡᠳᠡᠭᠡᠨ ᠤ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠭᠤᠸᠠᠩᠮᠢᠩ ᠡᠳᠦᠷ ᠤᠨ ᠰᠣᠨᠢᠨ᠂ ᠳᠤᠮᠳᠠᠳᠤ ᠤᠯᠤᠰ ᠤᠨ ᠡᠳᠦᠷ ᠤᠨ ᠰᠣᠨᠢᠨ᠂ ᠰᠢᠨᠵᠢᠯᠡᠬᠦ ᠤᠬᠠᠭᠠᠨ ᠮᠡᠷᠭᠡᠵᠢᠯ  ᠤᠨ ᠡᠳᠦᠷ ᠤᠨ ᠰᠣᠨᠢᠨ᠂ ᠳᠤᠮᠳᠠᠳᠤ ᠤᠯᠤᠰ ᠤᠨ ᠵᠠᠯᠠᠭᠤᠴᠤᠳ ᠤᠨ ᠰᠣᠨᠢᠨ᠂ ᠲᠠᠷᠢᠶᠠᠴᠢᠨ ᠤ ᠡᠳᠦᠷ ᠤᠨ ᠰᠣᠨᠢᠨ᠂ ᠰᠢᠨᠬᠤᠸᠠ ᠰᠦᠯᠵᠢᠶ᠎ᠡ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠰᠣᠨᠢᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠠᠭ ᠤᠨ ᠰᠣᠨᠢᠨ᠂ ᠫᠧᠩ ᠫᠠᠢ ᠰᠣᠨᠢᠨ᠂ ᠡᠮᠦᠨᠡᠲᠦ ᠶᠢᠨ ᠬᠤᠲᠠ ᠶᠢᠨ ᠰᠣᠨᠢᠨ ᠵᠡᠷᠭᠡ ᠣᠯᠠᠨ ᠵᠠᠭᠤᠴᠢᠯᠠᠭᠤᠷ ᠢ ᠤᠷᠢᠭᠰᠠᠨ ᠪᠦᠭᠡᠳ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠶᠡᠷᠦᠩᠬᠡᠶ ᠥᠷᠲᠡᠭᠡ ᠶᠢᠨ ᠰᠤᠳᠤᠯᠤᠭᠴᠢ ᠶᠠᠩ ᠰᠢᠶᠣᠤ ᠳ᠋ᠦᠩ᠂ ᠠᠶᠢᠮᠠᠭ ᠤᠨ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠤᠸᠠᠨ ᠫᠢᠩ᠂ ᠠᠶᠢᠮᠠᠭ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠥᠪ ᠤᠨ ᠡᠷᠬᠢᠯᠡᠭᠴᠢ ᠼᠦᠢ ᡁᠢ ᠭᠠᠩ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠲᠠᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤᠷᠤᠯᠴᠠᠭᠰᠠᠨ ᠪᠠᠶᠢᠨ᠎ᠠ᠃     ᠰᠥᠩ ᠢᠦᠢ ᠷᠦᠩ ᠨᠠᠷ ᠤᠷᠢᠳ ᠬᠤᠵᠢᠳ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢᠨ ᠣᠷᠣᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ  ᠤᠨ ᠤᠷᠭᠤᠮᠠᠯ ᠰᠤᠳᠤᠯᠬᠤ ᠭᠠᠵᠠᠷ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠠᠮᠢ ᠠᠬᠤᠶ ᠶᠢᠨ ᠰᠤᠳᠤᠯᠭᠠᠨ ᠤ ᠥᠷᠲᠡᠭᠡ᠂ ᠰᠢᠯᠤᠭᠤᠨ ᠬᠥᠬᠡ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠶᠯ ᠤᠨ ᠣᠷᠣᠨ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠠᠵᠢᠯ ᠢ ᠤᠶᠢᠯᠠᠭᠠᠭᠰᠠᠨ ᠪᠠᠶᠢᠨ᠎ᠠ᠃     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠮᠠᠨ ᠤ ᠬᠤᠰᠢᠭᠤᠨ ᠤ ᠲᠠᠯ᠎ᠠ ᠨᠤᠲᠤᠭ ᠤᠨ ᠬᠠᠮᠠᠭᠠᠯᠠᠯᠲᠠ ᠶᠢᠨ ᠠᠵᠢᠯ ᠤᠨ ᠠᠮᠵᠢᠯᠲᠠ ᠶᠢ ᠭᠦᠢᠴᠡᠳ ᠨᠤᠳᠠᠯᠠᠬᠤ ᠶᠢᠨ ᠬᠠᠮᠲᠤ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠢ ᠡᠷᠴᠢᠮ ᠲᠠᠢ ᠬᠢᠵᠦ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ᠣᠶᠢᠵᠢᠭᠤᠯᠵᠤ ᠨᠣᠭᠤᠭᠠᠷᠠᠭᠤᠯᠬᠤ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠲᠠᠯ᠎ᠠ ᠪᠠᠷ ᠬᠢ ᠠᠷᠭ᠎ᠠ ᠲᠤᠷᠰᠢᠯᠭ᠎ᠠ ᠶᠢ ᠳ᠋ᠦᠩᠨᠡᠨ ᠲᠦᠭᠡᠮᠡᠯᠵᠢᠬᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠬᠡᠷᠡᠭᠲᠡᠢ ᠭᠡᠵᠦ ᠵᠢᠭᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号