ᠰᠢᠯᠤᠭᠤᠨ ᠬᠥᠬᠡ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ 2023-2024 ᠣᠨ ᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠶᠣᠰᠣᠯᠠᠯ ᠶᠠᠪᠤᠠᠠᠳᠠᠭᠤᠯᠪᠠ
ᠨᠡᠶᠢᠲᠡᠯᠡᠭᠰᠡᠨ ᠴᠠᠭ᠄
2024/6/18
      ᠵᠠᠯᠠᠭᠤᠴᠤᠳ ᠪᠠᠭᠠᠴᠤᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠶᠢ ᠠᠬᠢᠭᠤᠯᠵᠤ᠂ ᠨᠡᠶᠢᠭᠡᠮ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠣᠶᠢᠯᠠᠭᠠᠭᠳᠠᠬᠤᠨ ᠢ ᠰᠠᠨᠠᠭᠠᠴᠢᠯᠠᠵᠤ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠰᠠᠶᠢᠨ ᠰᠠᠶᠢᠬᠠᠨ ᠬᠡᠪ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ 6 ᠰᠠᠷ᠎ᠠ ᠶᠢᠨ 16 ᠤ ᠡᠳᠦᠷ᠂ ᠰᠢᠯᠤᠭᠤᠨ ᠬᠥᠬᠡ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ2023 —2024 ᠣᠨ ᠤ  ᠬᠠᠶᠢᠷ᠎ᠠ ᠬᠠᠯᠠᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠶᠣᠰᠣᠯᠠᠯ ᠶᠠᠪᠣᠬᠳᠠᠭᠤᠯᠵᠣ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠠᠵᠢᠯᠯᠠᠭ᠎ᠠ ᠳᠤ ᠣᠷᠣᠯᠴᠠᠪᠠ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠬᠡᠰᠡᠭ ᠰᠤᠷᠤᠭᠴᠢᠳ ᠲᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠵᠣ᠂ ᠬᠠᠨᠳᠢᠪ ᠴᠤᠭᠯᠠᠭᠤᠯᠬᠤ ᠠᠵᠢᠯᠯᠠᠭ᠎ᠠ ᠳᠤ᠂ ᠪᠥᠬᠦ  ᠬᠤᠰᠢᠭᠤᠨ ᠤ ᠨᠡᠶᠢᠲᠡ 37340.75 ᠲᠥᠭᠦᠷᠢᠭ ᠤᠨ ᠬᠠᠨᠳᠢᠪ ᠴᠣᠠᠠᠯᠠᠭᠤᠯᠣᠨ᠂ ᠡᠭᠦᠨ ᠳᠤ ᠬᠤᠪᠢ ᠬᠥᠮᠦᠨ13297.77 ᠲᠥᠭᠦᠷᠢᠭ᠂ ᠥᠪᠥᠷ ᠮᠣᠩᠭᠤᠯ ᠤᠨ ᠱᠠᠩᠳᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ 24073.98 ᠲᠥᠭᠦᠷᠢᠭ ᠬᠠᠨᠳᠢᠪᠯᠠᠵᠦ᠂ ᠥᠪᠥᠷ ᠮᠣᠩᠭᠤᠯ ᠤᠨ ᠡᠮᠡᠭᠲᠡᠶᠢᠴᠦᠳ ᠤᠨ ᠬᠤᠯᠪᠣᠭᠠᠳᠣ ᠬᠤᠷᠠᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠲᠣᠬᠢᠷᠠᠭᠤᠯᠤᠯᠲᠠ ᠪᠠᠷ ᠳᠡᠮᠵᠢᠨ8.1 ᠲᠦᠮᠡᠨ ᠲᠥᠭᠦᠷᠢᠭ ᠬᠤᠪᠢᠶᠠᠷᠢᠯᠠᠵᠤ᠂ ᠡᠬᠦᠨ‌‍ᠳᠣ ᠪᠠᠭ᠎ᠠ ᠰᠤᠷᠭᠠᠭᠤᠯᠢ ᠶᠢᠨ51 ᠨᠡᠷ᠎ᠡ ᠰᠣᠷᠣᠭᠴᠢ ᠳᠤ ᠬᠦᠮᠦᠨ ᠪᠦᠷᠢ ᠳᠤ1200 ᠲᠥᠭᠦᠷᠢᠭ᠂ ᠠᠩᠬ᠎ᠠ ᠳᠤᠮᠳᠠᠳᠤ ᠶᠢᠨ 11 ᠨᠡᠷ᠎ᠡ ᠰᠣᠷᠣᠠᠠᠴᠢ ᠳᠤ ᠬᠥᠮᠦᠨ ᠪᠦᠷᠢ ᠳᠤ1800 ᠲᠥᠭᠦᠷᠢᠭ ᠤᠯᠭᠤᠠᠠᠰᠠᠠ ᠪᠠᠶᠢᠨ᠎ᠠ᠃    ᠶᠣᠰᠣᠯᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠶᠠᠷᠢᠶ᠎ᠠ ᠲᠠᠯᠪᠢᠵᠤ ᠬᠤᠰᠢᠭᠤ ᠡᠮᠡᠭᠲᠡᠶᠢᠴᠦᠳ ᠤᠨ ᠬᠤᠯᠪᠣᠭ᠎ᠠ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠦᠰ ᠤᠨ ᠰᠤᠷᠤᠯᠭ᠎ᠠ ᠲᠡᠳᠬᠦᠬᠦ ᠠᠵᠢᠯ ᠤᠨ ᠳᠤᠮᠳᠠ ᠭᠠᠷᠭᠠᠭᠰᠠᠨ ᠬᠤᠪᠢ ᠨᠡᠮᠡᠷᠢ ᠪᠣᠯᠤᠨ ᠣᠯᠤᠭᠰᠠᠨ ᠠᠮᠵᠢᠯᠲᠠ ᠪᠦᠲᠦᠮᠵᠢ ᠶᠢ ᠭᠦᠶᠴᠡᠳ ᠨᠤᠲᠠᠯᠠᠭᠰᠠᠨ ᠪᠥᠭᠡᠳ ᠬᠤᠶᠢᠰᠢᠳᠠ ᠶᠢᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠳᠤ ᠰᠢᠨ᠎ᠡ ᠱᠠᠭᠠᠷᠳᠠᠯᠭ᠎ᠠ‌‍ᠲ᠋ᠤᠷᠠᠳᠤᠠᠠᠰᠠᠠ ᠤ ᠬᠠᠮᠲᠤ ᠪᠠᠰᠠ ᠲᠤᠰᠠᠯᠠᠮᠵᠢ ᠭᠥᠷᠳᠡᠭᠰᠡᠨ ᠰᠤᠷᠤᠭᠴᠢᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠰᠤᠷᠤᠭᠴᠢᠳ ᠤᠨ ᠬᠢᠯᠪᠠᠷ ᠪᠤᠰᠤ ᠪᠠᠷ ᠣᠯᠤᠭᠰᠠᠨ ᠰᠤᠷᠤᠯᠴᠠᠬᠤ ᠲᠣᠬᠢᠶᠠᠯ ᠢᠶᠠᠨ ᠨᠠᠨᠳᠢᠩᠨᠠᠵᠤ᠂ ᠴᠢᠷᠮᠠᠶᠢᠨ ᠰᠤᠷᠤᠯᠴᠠᠵᠤ᠂ ᠡᠷᠲᠡᠬᠡᠨ ᠴᠢᠳᠠᠪᠤᠷᠢᠲᠠᠨ ᠪᠣᠯᠵᠣ᠂ ᠥᠪᠡᠷ ᠤᠨ ᠦᠶᠯᠡ ᠠᠵᠢᠯᠯᠠᠭ᠎ᠠ ᠪᠠᠷ ᠢᠶᠠᠨ ᠨᠤᠲᠤᠭ ᠤᠰᠤ ᠪᠠᠨ ᠪᠥᠲᠥᠭᠡᠨ ᠪᠠᠶᠢᠭᠤᠯᠵᠤ᠂ ᠨᠡᠶᠢᠭᠡᠮ ᠳᠤ ᠠᠴᠢ  ᠬᠠᠷᠢᠭᠤᠯᠵᠣ᠂ ᠨᠠᠮ ᠪᠠ ᠵᠠᠰᠠᠭ ᠤᠨ ᠣᠷᠳᠣᠨ ᠤ ᠳᠣᠲᠣᠨᠣ ᠬᠠᠯᠠᠮᠵᠢᠯᠠᠯ ᠢ ᠬᠥᠰᠡᠷᠳᠡᠭᠦᠯᠬᠦ ᠥᠬᠡᠶ ᠪᠠᠶᠢᠬᠤ  ᠶᠢ ᠬᠦᠰᠡᠵᠦ ᠪᠠᠶᠢᠨ᠎ᠠ ᠬᠡᠯ᠎ᠡ᠃    ᠬᠠᠶᠢᠷ᠎ᠠ ᠬᠠᠯᠠᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠶᠣᠰᠣᠯᠠᠯ ᠳᠡᠭᠡᠷ᠎ᠡ᠂ ᠲᠤᠰᠠᠯᠠᠮᠵᠢ ᠬᠦᠷᠳᠡᠭᠰᠡᠨ ᠰᠤᠷᠤᠭᠴᠢᠳ ᠤᠨ ᠲᠥᠯᠥᠭᠡᠯᠡᠭᠴᠢ ᠲᠠᠯᠠᠷᠬᠠᠯ ᠢᠶᠠᠨ ᠢᠯᠡᠳᠬᠡᠵᠣ᠂ ᠬᠤᠶᠢᠰᠢᠳᠠ ᠮᠡᠳᠡᠯᠭᠡ ᠴᠢᠳᠠᠪᠤᠷᠢ  ᠪᠠᠨ ᠨᠡᠮᠡᠭᠳᠡᠬᠦᠯᠦᠨ᠂ ᠰᠢᠯᠢᠳᠡᠭ ᠬᠢᠷᠢ ᠪᠦᠲᠦᠮᠵᠢ ᠪᠠᠷ ᠡᠬᠡ ᠤᠯᠤᠰ᠂ ᠨᠡᠶᠢᠭᠡᠮ ᠳᠤ ᠠᠴᠢ ᠬᠠᠷᠢᠭᠤᠯᠵᠤ᠂ ᠬᠡᠷ ᠣᠷᠣᠨ  ᠢᠶᠠᠨ ᠪᠦᠳᠦᠬᠡᠨ ᠪᠠᠶᠢᠭᠤᠯᠤᠨ᠎ᠠ ᠭᠡᠵᠦ ᠢᠯᠡᠳᠬᠡᠪᠡ᠃    ᠡᠮᠡᠭᠲᠡᠶᠢᠴᠦᠳ ᠤᠨ ᠬᠤᠯᠪᠣᠭᠠᠳᠣ ᠪᠠᠭ ᠤᠨ ᠪᠦᠷᠢᠯᠳᠦᠬᠦᠨ᠂  ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠲᠤᠰᠠᠯᠠᠮᠵᠢ ᠭᠥᠷᠳᠡᠭᠰᠡᠨ ᠰᠣᠷᠣᠭᠴᠢ ᠪᠠ ᠳᠠᠭᠠᠭᠤᠯᠤᠭᠴᠢ ᠪᠠᠭᠰᠢ᠂ ᠬᠡᠷ ᠤᠨ ᠠᠬᠠᠮᠠᠳ ᠵᠡᠷᠭᠡ 120 ᠭᠠᠷᠤᠶ ᠬᠥᠮᠦᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号