ᠬᠤᠰᠢᠭᠤ ᠨᠠᠮ ᠤᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ‌‍ᠲ᠋ᠤᠭᠤᠱᠢᠯᠭᠤᠯᠬᠤ‌ᠠᠵᠢᠯ‌‍ᠤᠨ‌‍ᠲ᠋ᠣᠬᠢᠷᠠᠭᠤᠯᠤᠯᠲᠠ‌‍ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/18
     6 ᠰᠠᠷ᠎ᠠ ᠶᠢᠨ 17 ᠤ ᠡᠳᠦᠷ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠪᠦᠬᠦ ᠲᠠᠯ᠎ᠠ  ᠪᠠᠷ ᠨᠠᠶᠢᠳᠠᠪᠣᠷᠢᠵᠢᠭᠤᠯᠣᠨ ᠲᠣᠭᠤᠱᠢᠯᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ  ᠬᠤᠷᠠᠯᠳᠣᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠬᠤᠷᠠᠯ ᠢ ᠡᠷᠭᠢᠯᠡᠪᠡ᠃     ᠬᠤᠷᠠᠯ ᠠᠴᠠ ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠲᠣᠭᠤᠱᠢᠯᠠᠭᠤᠯᠣᠨ ᠨᠠᠶᠢᠳᠠᠪᠤᠷᠢᠵᠢᠭᠤᠯᠤᠭᠰᠠᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠬᠡᠰᠡᠭ ᠰᠤᠮᠤ ᠪᠠᠯᠭᠠᠰᠤ ᠪᠠ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠣᠳᠣᠬᠠᠨ ᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃   ᠬᠤᠷᠠᠯ ᠠᠴᠠ ᠴᠢᠬᠤᠯᠠᠴᠢᠯᠬᠠᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠶᠯ ᠤᠨ ᠠᠵᠢᠯ ᠤᠨ ᠭᠤᠤᠯ ᠰᠢᠵᠢᠮ ᠮᠥᠨ︾ ᠭᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠤᠳᠠᠳᠠᠢ ᠳᠤ ᠤᠶᠠᠯᠳᠤᠭᠤᠯᠬᠤ ᠬᠡᠷᠡᠭᠲᠡᠶ᠃ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ  ︵ᠲᠠᠯᠠᠪᠠᠶ︶᠂ ᠡᠯ᠎ᠡ ᠰᠠᠯᠠᠭ᠎ᠠ ᠮᠥᠴᠢᠷ ᠪᠠ ᠨᠢᠭᠡᠴᠡ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠦᠶᠯᠡᠳᠦᠯ ᠢᠶᠠᠨ ᠴᠢᠩᠭᠠᠳᠬᠠᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠪᠠᠷ ᠭᠠᠷᠳᠠᠴᠠ  ᠪᠣᠯᠭᠠᠨ᠂ ᠪᠣᠳᠠᠲᠠᠶ ᠡᠭᠦᠷᠭᠡ ᠶᠢ ᠪᠣᠳᠠᠲᠠᠶ ᠠᠳᠬᠤᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠦᠶᠯᠡᠰ ᠲᠠᠢ ᠬᠠᠮᠲᠤ ᠳᠣᠭᠢᠷᠠᠭᠤᠯᠤᠨ ᠪᠠᠶᠢᠷᠢᠯᠠᠭᠤᠯᠵᠤ᠂ ᠡᠯ᠎ᠡ ᠵᠦᠶᠯ ᠤᠨ ᠡᠭᠦᠷᠭᠡ ᠶᠢ ᠴᠠᠭ ᠲᠤᠬᠠᠶ ᠳᠤᠨᠢ ᠠᠬᠢᠭᠤᠯᠵᠤ᠂ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠡᠯ᠎ᠡ ᠰᠤᠮᠤ ᠪᠠᠯᠭᠠᠰᠤ  ︵ᠲᠠᠯᠠᠪᠠᠶ︶᠂ ᠡᠯ᠎ᠡ ᠰᠠᠯᠠᠭ᠎ᠠ ᠮᠥᠴᠢᠷ ᠢᠯᠠᠩᠭᠤᠶ᠎ᠠ ᠤᠬᠠᠭᠤᠯᠬᠤ ᠰᠠᠯᠠᠭ᠎ᠠ ᠮᠥᠴᠢᠷ ᠤᠳ ᠤᠬᠠᠭᠤᠯᠭ᠎ᠠ ᠬᠥᠮᠦᠵᠢᠯ ᠢᠶᠠᠨ  ᠴᠢᠩᠭᠠᠳᠬᠠᠨ᠂ ᠡᠯ᠎ᠡ ᠲᠥᠷᠥᠯ ᠤᠨ ᠵᠢᠭᠰᠠᠭᠠᠯ ᠤᠨ ᠭᠠᠵᠠᠷ ᠢ ᠰᠠᠶᠢᠲᠤᠷ  ᠠᠰᠢᠠᠠᠯᠠᠵᠦ᠂ ᠠᠴᠢᠶᠠᠯᠠᠪᠤᠷᠢ ᠪᠠ ᠠᠷᠭ᠎ᠠ ᠪᠠᠷᠢᠯ᠂ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠡᠭᠦᠳᠬᠦ ᠲᠠᠢ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠡᠳᠦᠪ ᠪᠣᠯᠭᠠᠭᠰᠠᠨ ᠤᠯᠠᠨ ᠲᠦᠮᠡᠨᠴᠢ ᠠᠵᠢᠯᠯᠠᠭ᠎ᠠ ᠶᠢ ᠥᠷᠭᠡᠨ ᠢᠶᠠᠷ ᠦᠷᠨᠢᠬᠦᠯᠵᠦ᠂ ︽ᠭᠤᠷᠪᠠᠨ ᠰᠠᠯᠵᠤ ᠴᠢᠳᠠᠬᠤ ᠦᠭᠡᠢ ︾᠂ ︽ᠳᠥᠷᠪᠡᠨ ᠬᠠᠮᠲᠤ ᠪᠠᠷ ︾᠂ ︽ᠲᠠᠪᠤᠨ ᠬᠠᠮᠲᠤ ᠶᠢᠨ ᠲᠠᠨᠢᠯᠲᠠ︾᠂ ︽ᠵᠢᠷᠭᠤᠭᠠᠨ  ᠰᠠᠨᠠᠭᠤᠯᠮᠤᠵᠢ ᠶᠢᠨ ᠪᠣᠳᠠᠲᠤ ᠶᠠᠪᠤᠳᠠᠯ ᠪᠠ ᠶᠣᠰᠣ︾᠂ ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠵᠡᠷᠭᠡ ᠣᠶᠢᠯᠠᠭᠠᠭᠳᠠᠬᠤᠨ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠦᠷᠭᠦᠯᠵᠢᠯᠡᠨ ᠭᠦᠨᠵᠡᠭᠡᠶ ᠦᠷᠨᠢᠬᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠬᠤᠶᠠᠷ ᠶᠡᠭᠡ ᠶᠠᠪᠤᠳᠠᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠰᠠᠶᠢᠲᠤᠷ  ᠪᠡᠶᠡᠯᠡᠬᠦᠯᠦᠨ᠂ ︽ᠵᠢᠷᠭᠤᠭᠠᠨ ᠢᠨᠵᠧᠨᠧᠷᠢᠩ︾ ᠢ  ᠬᠡᠷᠡᠭᠵᠢᠬᠦᠯᠬᠦ ᠳᠤ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠯ᠎ᠡ᠃   ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂  ᠬᠤᠰᠢᠭᠤ ᠬᠠᠷᠢᠶ᠎ᠠ ᠡᠯ᠎ᠡ  ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号