ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ︽ᠠᠷᠠᠳ ᠲᠦᠮᠡᠨ ᠤ ᠳᠤᠮᠳᠠ ᠭᠦᠨᠵᠡᠭᠡᠶᠢᠷᠡᠬᠦ —2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/6/18
     ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠤᠨ ᠤᠯᠠᠭᠠᠨᠮᠥ᠋ᠴᠢᠷ ᠤᠨ ᠭᠡᠰᠢᠭᠦᠳ  ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ︽ᠰᠤᠷᠤᠯᠴᠠᠬᠤ ᠲᠣᠭᠯᠠᠬᠤ︾ ᠠᠵᠢᠯ ᠤᠨ ᠪᠠᠶᠢᠷᠢᠯᠠᠭᠤᠯᠤᠯᠲᠠ  ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 17 ᠤ ᠡᠳᠦᠷ᠂  ︽ᠠᠷᠠᠳ ᠲᠦᠮᠡᠨ ᠤ ᠳᠤᠮᠳᠠ  ᠭᠦᠨᠵᠡᠭᠡᠶᠢᠷᠡᠬᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ︾ ᠰᠢᠯᠤᠭᠤᠨ ᠬᠥᠬᠡ ᠬᠤᠰᠢᠭᠤᠨ ᠤ ᠬᠤᠶᠠᠷ ᠪᠣᠮᠪᠤ ᠨᠡᠶᠢᠭᠡᠮ ᠲᠣᠭᠤᠷᠢᠭ ᠲᠤ ᠡᠬᠢᠯᠡᠪᠡ᠃     ᠲᠣᠰ ᠤᠳᠠᠭᠠᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠨᠢ ᠂ 6 ᠰᠠᠷ᠎ᠠ ᠶᠢᠨ 17 ᠤ ᠡᠳᠦᠷ ᠠᠴᠠ 7 ᠰᠠᠷ᠎ᠠ ᠶᠢᠨ 17 ᠤ ᠡᠳᠦᠷ ᠪᠣᠯᠲᠠᠯ᠎ᠠ ᠰᠠᠷ᠎ᠠ ᠶᠢᠨ ᠬᠤᠭᠤᠴᠠᠭ᠎ᠠ ᠲᠠᠢ ᠶᠠᠪᠣᠬᠳᠠᠬᠤ ᠪᠠᠷ ᠪᠠᠶᠢᠵᠣ᠂  ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠨᠡᠶᠢᠭᠡᠮ ᠲᠣᠭᠤᠷᠢᠭ᠂ ᠰᠤᠮᠤ ᠪᠠᠯᠭᠠᠰᠤ ᠲᠠᠯᠠᠪᠠᠶ᠂ ᠠᠵᠤ ᠠᠬᠤᠶᠢᠯᠠᠯ ᠵᠡᠷᠭᠡ ᠭᠠᠵᠠᠷ ᠲᠤ ᠭᠦᠨᠵᠡᠭᠡᠶᠢᠷᠡᠵᠦ᠂ ᠤᠷᠠᠨ ᠰᠠᠶᠢᠬᠠᠨ ᠤ ᠲᠣᠭᠯᠠᠯᠲᠠ᠂ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠦᠨᠳᠦᠰᠦᠨ ᠱᠠᠲᠤᠨ ᠤ ᠦᠶᠯᠡᠴᠢᠯᠡᠭᠡ ᠵᠡᠷᠭᠡ ᠣᠯᠠᠨ ᠬᠡᠯᠪᠡᠷᠢ ᠪᠠᠷ ᠣᠯᠠᠨ ᠲᠦᠮᠡᠨ ᠳᠤ ᠦᠶᠯᠡᠴᠢᠯᠡᠭᠡ ᠬᠠᠩᠭᠠᠵᠤ᠂ ᠰᠢᠨ᠎ᠡ ᠴᠠᠭ ᠦᠶ᠎ᠡ ᠶᠢᠨ ᠰᠣᠶᠣᠯ ᠤᠨ ᠤᠬᠠᠭᠤᠯᠭ᠎ᠠ ᠶᠢᠨ ᠦᠶᠯᠡᠴᠢᠯᠡᠭᠡᠨ ᠤ ᠠᠩᠭᠢ ᠶᠢ  ᠴᠣᠠᠠᠴᠠᠯᠠᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ︽ᠨᠠᠮ ᠤᠨ ᠠᠴᠢ  ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ︾ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠭᠵᠢᠭᠡᠵᠦ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠤᠳᠬ᠎ᠠ ᠤᠷᠠᠯᠢᠭ ᠤᠨ ᠠᠵᠢᠯᠲᠠᠨ ᠤ ᠡᠷᠬᠢᠮ ᠳᠡᠭᠡᠳᠦ ᠡᠭᠦᠷᠭᠡ ᠶᠢ  ᠦᠢᠯᠡᠳᠦᠯᠬᠡᠵᠢᠬᠦᠯᠬᠦ ᠪᠣᠯᠣᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号