| | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠯᠲᠡ ᠶᠢᠨ ᠵᠠᠮ | ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭᠠᠨ ᠤ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠮᠢ ᠠᠬᠤᠶ ᠶᠢ ᠵᠠᠰᠠᠨ ᠰᠡᠷᠭᠦᠭᠡᠬᠦ ᠲᠤᠭᠤᠷᠢᠭ ᠤᠨ ᠡᠪᠡᠰᠦᠨ ᠤ ᠦᠷ᠎ᠡ | ᠶᠢᠨ ᠦᠶᠯᠡᠰ ᠢ ᠠᠬᠢᠭᠤᠯᠬᠤ ᠶᠢᠨ ᠲᠤᠰᠠᠳᠠ᠂ ᠰᠢᠯᠤᠭᠤᠨ ᠬᠥᠬᠡ ᠬᠤᠰᠢᠭᠤ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠠᠯᠳᠠᠩᠬᠤᠸ᠎ᠠ ᠴᠡᠴᠡᠭ ᠤᠨ ᠰᠤᠳᠤᠯᠭᠠᠨ᠂ ᠦᠷ᠎ᠡ ᠶᠢᠨ ᠰᠠᠭᠤᠷᠢᠨ ᠢ ᠪᠠᠶᠢᠭᠤᠯᠵᠤ᠂ ᠠᠯᠳᠠᠩᠬᠤᠸ᠎ᠠ | ᠴᠡᠴᠡᠭ ᠲᠠᠷᠢᠬᠤ ᠪᠠ ᠠᠵᠤ ᠦᠶᠯᠡᠰ ᠤᠨ ᠬᠥᠭᠵᠢᠯᠲᠡ ᠶᠢᠨ ᠲᠥᠷᠥᠯ ᠵᠦᠶᠯ ᠢ ᠢᠳᠡᠪᠬᠢᠲᠡᠶ ᠲᠥᠯᠥᠪᠵᠢᠭᠦᠯᠵᠦ ᠪᠤᠢ᠃ | ᠬᠠᠪᠢᠷᠭ᠎ᠠ ᠪᠠᠯᠭᠠᠰᠤ᠂ ᠪᠤᠷᠤᠬᠤᠳᠠ ᠵᠢᠱᠢᠶ᠎ᠡ ᠦᠵᠡᠭᠦᠯᠬᠦ ᠲᠤᠭᠤᠷᠢᠭ᠂ ᠳᠠᠪᠦ ᠨᠢᠭᠡ ᠮᠠᠯᠵᠢᠯ ᠤᠨ ᠲᠠᠯᠠᠪᠠᠶ ᠪᠠ | ᠬᠤᠲᠠ ᠪᠠᠯᠭᠠᠰᠤ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠳᠤ ᠠᠯᠳᠠᠩᠬᠤᠸ᠎ᠠ ᠴᠡᠴᠡᠭ ᠲᠠᠷᠢᠵᠦ᠂ ᠪᠠᠳᠠᠷᠠᠨ | ᠳᠡᠯᠭᠡᠷᠡᠭᠰᠡᠨ ᠠᠯᠳᠠᠩᠬᠤᠸ᠎ᠠ ᠴᠡᠴᠡᠭ ᠵᠤᠨ ᠤ ᠤᠯᠠᠷᠢᠯ ᠳᠤ ᠰᠢᠵᠢᠷ ᠬᠢᠯᠪᠠᠭ᠎ᠠ ᠨᠡᠮᠡᠷᠢᠯᠡᠯ᠎ᠡ᠃ | ᠬᠠᠪᠢᠷᠭ᠎ᠠ ᠪᠠᠯᠭᠠᠰᠤᠨ ᠤ ᠤᠯᠠᠭᠠᠨ ᠲᠣᠰᠬᠤᠨ ᠤ ᠠᠯᠳᠠᠩᠬᠤᠸ᠎ᠠ ᠴᠡᠴᠡᠭ ᠤᠨ ᠲᠠᠷᠢᠮᠠᠯ ᠤᠨ ᠬᠦᠷᠢᠶᠡᠯᠡᠩ ᠳᠤ᠂ | ᠠᠵᠢᠯᠴᠢᠳ ᠠᠯᠳᠠᠩᠬᠤᠸ᠎ᠠ ᠴᠡᠴᠡᠭ ᠢ ᠲᠤᠰᠬᠠᠢ ᠤᠭᠤᠳᠠᠨ ᠳᠤ ᠳᠡᠭᠦᠵᠦ ᠪᠠᠶᠢᠯ᠎ᠠ᠃ ᠣᠶᠢᠯᠠᠭᠠᠭᠰᠠᠨ ᠢᠶᠠᠷ᠂ ᠲᠣᠰ | ᠰᠠᠭᠤᠷᠢᠨ ᠭᠠᠵᠠᠷ ᠨᠢ 320 ᠮᠥ ᠳᠠᠯᠠᠪᠠᠢ ᠲᠠᠢ᠂ ᠡᠭᠦᠨ ᠳᠤ ᠨᠡᠷᠡᠨ ᠤ ᠭᠡᠷᠡᠯ ᠤᠨ ᠬᠦᠯᠡᠮᠵᠢ ᠪᠠ ᠬᠠᠪᠤᠷ ᠨᠠᠮᠤᠷ | ᠤᠨ ᠫᠧᠩ 47 ᠰᠠᠭᠤᠷᠢ ᠪᠠᠶᠢᠵᠦ 45 ᠮᠥ ᠲᠠᠯᠠᠪᠠᠶ ᠡᠵᠡᠯᠡᠨ᠂ ᠲᠠᠷᠢᠶᠠᠨ ᠭᠠᠵᠠᠷ 275 ᠮᠥ ᠡᠵᠡᠯᠡᠵᠦ ᠪᠤᠢ᠃ | ᠣᠳᠣᠬᠠᠨ ᠳᠤ᠂ ᠠᠯᠳᠠᠩᠬᠤᠸ᠎ᠠ ᠴᠡᠴᠡᠭ ᠤᠨ ᠦᠷ᠎ᠡ ᠪᠤᠯᠪᠠᠰᠤᠷᠠᠭᠤᠯᠬᠤ ᠳᠠᠯᠠᠪᠠᠢ 270 ᠮᠥ ᠪᠠᠶᠢᠵᠤ᠂ ᠵᠢᠯ ᠳᠤ | 4050 ᠵᠢᠩ ᠦᠷ᠎ᠡ ᠬᠤᠷᠢᠶᠠᠨ᠂ ᠠᠯᠳᠠᠩᠬᠤᠸ᠎ᠠ ᠴᠡᠴᠡᠭ ᠤᠨ ᠴᠢᠬᠢ ᠪᠣᠶᠢᠵᠢᠭᠤᠯᠬᠤ ᠳᠠᠯᠠᠪᠠᠢ 50 ᠮᠥ ᠪᠠᠶᠢᠵᠤ᠂ | ᠪᠠᠷᠤᠭᠴᠠᠭᠠᠯᠠᠪᠠᠯ 1100 ᠲᠦᠮᠡᠨ ᠨᠢᠯᠬ᠎ᠠ ᠴᠢᠬᠢ ᠪᠤᠶᠢᠵᠢᠭᠤᠯᠤᠨ᠎ᠠ᠃ 2024 ᠣᠨ ᠳᠤ ᠡᠨᠡᠬᠦ ᠰᠠᠭᠤᠷᠢᠨ | ᠭᠠᠵᠠᠷ ᠢ ᠠᠯᠳᠠᠩᠬᠤᠸ᠎ᠠ ᠴᠡᠴᠭ ᠤᠨ ᠦᠷ᠎ᠡ ᠪᠤᠯᠪᠠᠰᠤᠷᠠᠭᠤᠯᠬᠤ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠵᠤ᠂ | ᠪᠥᠬᠦ ᠬᠤᠰᠢᠭᠤᠨ ᠤ ᠠᠯᠳᠠᠩᠬᠤᠸ᠎ᠠ ᠴᠡᠴᠡᠭ ᠲᠠᠷᠢᠵᠦ ᠤᠷᠭᠤᠭᠤᠯᠬᠤ ᠳᠤ ᠨᠢᠯᠬ᠎ᠠ ᠴᠢᠭᠢ ᠪᠠ ᠦᠷ᠎ᠡ ᠬᠠᠩᠭᠠᠵᠤ᠂ | ᠠᠯᠳᠠᠩᠬᠤᠸ᠎ᠠ ᠴᠡᠴᠡᠭ ᠤᠨ ᠠᠵᠤ ᠦᠶᠯᠡᠰ ᠤᠨ ᠬᠥᠭᠵᠢᠯᠲᠡ ᠶᠢ ᠤᠯᠠᠮ ᠴᠢᠨᠠᠬᠰᠢᠳᠠ ᠠᠬᠢᠭᠤᠯᠬᠤ ᠪᠤᠯᠤᠨ᠎ᠠ᠃ | ᠡᠭᠦᠨ ᠠᠴᠠ ᠭᠠᠳᠠᠨ᠎ᠠ᠂ ᠰᠢᠯᠤᠭᠤᠨ ᠬᠥᠬᠡ ᠬᠤᠰᠢᠭᠤ ᠪᠤᠷᠤᠬᠤᠳᠠ ᠵᠢᠱᠢᠶ᠎ᠡ ᠦᠵᠡᠭᠦᠯᠬᠦ ᠲᠤᠭᠤᠷᠢᠭ ᠲᠤ 2000 | ᠲᠦᠮᠡᠨ ᠰᠠᠭᠤᠷᠢ ᠠᠯᠳᠠᠩᠬᠤᠸ᠎ᠠ ᠲᠠᠷᠢᠵᠤ᠂ ᠲᠠᠷᠢᠮᠠᠯ ᠤᠨ ᠳᠠᠯᠠᠪᠠᠢ 50 ᠮᠤ᠋ ᠳᠤ ᠬᠦᠷᠴᠡᠢ᠃ ᠳᠠᠪᠦ ᠨᠢᠭᠡ ᠮᠠᠯᠵᠢᠯ | ᠤᠨ ᠲᠠᠯᠠᠪᠠᠶ ᠳᠠᠬᠢ ᠠᠯᠳᠠᠩᠬᠤᠸ᠎ᠠ ᠴᠡᠴᠡᠭ ᠲᠠᠷᠢᠵᠦ ᠤᠷᠭᠤᠭᠤᠯᠬᠤ ᠠᠵᠤ ᠦᠶᠯᠡᠰ ᠤᠨ ᠰᠢᠨᠵᠢᠯᠡᠭᠡ ᠮᠡᠷᠭᠡᠵᠢᠯ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠶᠯ ᠨᠢ 7 ᠮᠥ ᠳᠠᠯᠠᠪᠠᠢ ᠳᠤ | ᠠᠯᠳᠠᠩᠬᠤᠸ᠎ᠠ ᠴᠡᠴᠡᠭ ᠤᠨ ᠴᠢᠬᠢ ᠳᠠᠷᠢᠬᠤ ᠶᠢ ᠪᠡᠶᠡᠯᠡᠭᠦᠯᠵᠦ᠂ ᠰᠢᠯᠤᠭᠤᠨ ᠬᠥᠬᠡ ᠬᠤᠰᠢᠭᠤᠨ ᠤ ᠴᠢᠬᠢ ᠮᠣᠳᠣᠨ | ᠤ ᠬᠦᠷᠢᠶᠡᠯᠡᠩ ᠤᠨ 5 ᠳᠤᠯᠠᠭᠠᠨ ᠬᠦᠯᠡᠮᠵᠢ ︵5 ᠮᠦ︶ ᠳᠤ ᠠᠯᠳᠠᠩᠬᠤᠸ᠎ᠠ ᠴᠡᠴᠡᠭ ᠳᠠᠷᠢᠭᠰᠠᠨ ᠪᠠᠶᠢᠨ᠎ᠠ᠃ | ᠬᠤᠲᠠ ᠪᠠᠯᠭᠠᠰᠤᠨ ᠤ ᠵᠡᠭᠡᠯᠢ ᠳᠠᠭᠠᠤ ᠨᠡᠶᠢᠳᠡ 49 ᠮᠥ ᠳᠠᠯᠠᠪᠠᠢ ᠳᠤ ᠠᠯᠳᠠᠩᠬᠤᠸ᠎ᠠ ᠴᠡᠴᠡᠭ ᠳᠠᠷᠢᠬᠤ ᠪᠠᠷ ᠪᠠᠶᠢᠵᠦ | ᠂ ᠣᠲᠣ ᠨᠢᠭᠡᠨᠲᠡ 15 ᠮᠥ ᠳᠤ 70 ᠲᠦᠮᠡᠨ ᠰᠠᠭᠤᠷᠢ ᠴᠡᠴᠡᠭ ᠳᠠᠷᠢᠭᠠᠳ ᠪᠤᠢ᠃ ᠰᠢᠯᠤᠭᠤᠨ ᠬᠥᠬᠡ ᠬᠤᠰᠢᠭᠤᠨ | ᠤ ᠬᠡᠪᠴᠢᠶᠠᠨ ᠳᠠᠬᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠬᠡᠭᠡᠷ᠎ᠡ ᠶᠢᠨ ᠠᠯᠳᠠᠩᠬᠤᠸ᠎ᠠ ᠴᠡᠴᠡᠭ | ᠤᠨ ᠭᠤᠤᠯ ᠤᠷᠭᠤᠯᠳᠠ ᠶᠢᠨ ᠣᠷᠣᠨ ᠠᠴᠠ ᠴᠡᠴᠡᠭ ᠤᠨ ᠦᠷ᠎ᠡ ᠴᠤᠭᠯᠠᠭᠤᠯᠵᠤ᠂ ᠦᠷ᠎ᠡ ᠲᠡᠭᠦᠵᠦ ᠬᠠᠳᠠᠭᠠᠯᠠᠬᠤ | ᠪᠠᠷ ᠳᠠᠮᠵᠢᠭᠤᠯᠤᠨ ᠰᠢᠯᠤᠭᠤᠨ ᠬᠥᠬᠡ ᠬᠤᠰᠢᠭᠤᠨ ᠤ ᠠᠯᠳᠠᠩᠬᠤᠸ᠎ᠠ ᠴᠡᠴᠡᠭ ᠤᠨ ᠠᠵᠤ ᠦᠶᠯᠡᠰ ᠤᠨ ᠬᠦᠭᠵᠢᠯᠳᠡ | ᠶᠢᠨ ᠰᠠᠭᠤᠷᠢ ᠶᠢ ᠪᠠᠳᠤᠳᠬᠠᠬᠤ ᠪᠠᠷ ᠪᠤᠢ᠃ | ᠡᠨᠡ ᠵᠢᠯ᠂ ᠰᠢᠯᠤᠭᠤᠨ ᠬᠥᠬᠡ ᠬᠤᠰᠢᠭᠤᠨ ᠤ ᠬᠡᠪᠴᠢᠶᠠᠨ ᠳᠠᠬᠢ ᠠᠯᠳᠠᠩᠬᠤᠸ᠎ᠠ ᠴᠡᠴᠡᠭ ᠲᠠᠷᠢᠵᠦ | ᠤᠷᠭᠤᠭᠤᠯᠬᠤ ᠺᠣᠮᠫᠠᠨᠢ ᠠᠴᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠤᠯᠠᠭᠠᠨᠬᠠᠳᠠ ᠳᠡᠭᠡᠳᠦ | ᠰᠤᠷᠭᠠᠭᠤᠯᠢ᠂ ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠨᠢᠭᠡᠴᠡ ᠲᠠᠢ | ᠬᠠᠮᠲᠤᠷᠠᠨ ᠠᠵᠢᠯᠯᠠᠵᠤ᠂ ᠬᠡᠭᠡᠷ᠎ᠡ ᠶᠢᠨ ᠠᠯᠳᠠᠩᠬᠤᠸ᠎ᠠ ᠴᠡᠴᠡᠭ ᠤᠨ ᠦᠷ᠎ᠡ ᠶᠢ ᠲᠠᠷᠢᠵᠦ ᠤᠷᠭᠤᠭᠤᠯᠬᠤ ᠳᠤ ᠬᠦᠴᠢᠷ | ᠠᠰᠠᠭᠤᠳᠠᠯ ᠢ ᠰᠢᠢᠳᠪᠦᠷᠢᠯᠡᠨ᠂ ᠠᠯᠳᠠᠩᠬᠤᠸ᠎ᠠ ᠴᠡᠴᠡᠭ ᠢ ᠲᠠᠷᠢᠵᠦ ᠠᠰᠢᠭᠯᠠᠬᠤ ᠶᠢ ᠠᠬᠢᠭᠤᠯᠤᠭᠰᠠᠨ ᠢᠶᠠᠷ ᠪᠠᠷᠠᠬᠤ | ᠦᠭᠡᠢ ︽ᠺᠣᠮᠫᠠᠨᠢ + ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠳᠠᠮᠵᠢᠭᠤᠯᠤᠨ ᠡᠷᠭᠢᠨ | ᠲᠣᠭᠤᠷᠢᠨ ᠤ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠵᠤ ᠠᠯᠳᠠᠩᠬᠤᠸ᠎ᠠ ᠴᠡᠴᠡᠭ ᠲᠠᠷᠢᠭᠤᠯᠤᠨ᠂ ᠣᠷᠣᠯᠭ᠎ᠠ | ᠶᠢ ᠨᠢ ᠨᠡᠮᠡᠭᠳᠡᠭᠦᠯᠦᠭᠰᠡᠨ ᠪᠠᠶᠢᠨ᠎ᠠ᠃ | ᠲᠠᠷᠠᠭᠠᠴᠢ ᠪᠠᠷ᠂ ᠰᠢᠯᠤᠭᠤᠨ ᠬᠥᠬᠡ ᠬᠤᠰᠢᠭᠤ ᠪᠥᠬᠦ ᠬᠤᠰᠢᠭᠤᠨ ᠤ ᠬᠡᠪᠴᠢᠶᠠᠨ ᠳᠠᠬᠢ ᠬᠡᠭᠡᠷ᠎ᠡ ᠶᠢᠨ | ᠠᠯᠳᠠᠩᠬᠤᠸ᠎ᠠ ᠶᠢ ᠬᠠᠮᠠᠭᠠᠯᠠᠨ ᠠᠰᠢᠭᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠢᠬᠢ ᠪᠣᠶᠢᠵᠢᠭᠤᠯᠬᠤ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠯᠳᠠᠩᠬᠤᠸ᠎ᠠ ᠶᠢᠨ ᠲᠠᠷᠢᠮᠠᠯ ᠪᠠ | ᠠᠵᠤ ᠦᠶᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠰᠢᠯᠤᠭᠤᠨ ᠬᠥᠬᠡ | ᠬᠤᠰᠢᠭᠤᠨ ᠤ ᠠᠯᠳᠠᠩᠬᠤᠸ᠎ᠠ ᠴᠡᠴᠡᠭ ᠤᠨ ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠰᠢᠨ᠎ᠡ | ᠪᠠᠶᠢᠳᠠᠯ ᠢ ᠡᠭᠦᠳᠬᠦ ᠪᠠᠷ ᠴᠢᠷᠮᠠᠶᠢᠵᠦ ᠪᠤᠢ᠃ | |