ᠰᠢᠯᠤᠭᠤᠨ ᠬᠥᠬᠡ ᠬᠤᠰᠢᠭᠤ ᠨᠠᠰᠤᠲᠠᠶᠢᠴᠤᠳ ᠢ ᠬᠠᠯᠠᠮᠵᠢᠯᠠᠵᠤ ᠪᠣᠢ
ᠨᠡᠶᠢᠲᠡᠯᠡᠭᠰᠡᠨ ᠴᠠᠭ᠄
2024/6/18
               88 ᠨᠠᠰᠤᠲᠠᠢ ᠵᠧᠦ ᠵᠢᠩ ᠷᠦᠩ ᠨᠠᠰᠣᠳᠠᠨ ᠰᠢᠯᠤᠭᠤᠨ ᠬᠦᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠬᠤᠩ ᠰᠢᠩ ᠲᠣᠰᠬᠤᠨ ᠳᠤ ᠰᠠᠭᠤᠷᠢᠰᠢᠵᠤ ᠪᠠᠶᠢᠭ᠎ᠠ‌‍ᠶᠠᠳᠠᠭᠤ ᠬᠦᠴᠢᠷᠳᠡᠯᠲᠡᠢ ᠡᠷᠦᠬᠡ ᠪᠣᠯᠤᠨ᠎ᠠ᠃ ᠬᠡᠳᠦᠨ ᠵᠢᠯ ᠤᠨ ᠡᠮᠦᠨ᠎ᠡ  ᠨᠠᠰᠤᠳᠠᠨ  ᠤᠶᠢᠴᠢᠵᠦ ᠪᠡᠶ᠎ᠡ ᠶᠢᠨ ᠣᠯᠠᠨ ᠭᠠᠵᠠᠷ ᠨᠢ ᠪᠡᠷᠲᠡᠵᠦ᠂ ᠤᠷᠲᠤ ᠬᠤᠭᠤᠴᠠᠭ᠎ᠠ ᠪᠠᠷ ᠬᠦᠳᠡᠯᠵᠦ ᠲᠡᠶᠢᠯᠬᠦ ᠦᠬᠡᠢ ᠪᠣᠯᠵᠠᠢ᠃      2024 ᠣᠨ ᠳᠤ᠂ ᠰᠢᠯᠤᠭᠤᠨ ᠬᠥᠬᠡ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ‌ᠨᠠᠰᠤᠵᠢᠯ ᠳᠤ  ᠲᠤᠬᠢᠷᠠᠬᠤ ᠥᠭᠡᠷᠡᠴᠢᠯᠡᠯᠳᠠ ᠶᠢᠨ ᠠᠵᠢᠯ ᠢ ᠴᠢᠩᠭᠠᠥᠠᠬᠠᠵᠤ ᠬᠡᠷ ᠪᠦᠯᠢ ᠶᠢᠨ ᠨᠠᠰᠤᠵᠢᠯ ᠳᠤ ᠲᠤᠬᠢᠷᠠᠬᠤ ᠦᠶᠯᠡᠴᠢᠯᠡᠭᠡ ᠶᠢ ᠵᠧᠦ ᠵᠢᠩ ᠷᠦᠩ ᠨᠠᠰᠤᠲᠠᠨ ᠤ ᠬᠡᠷ ᠲᠤ ᠬᠦᠷᠬᠡᠭᠰᠡᠨ ᠪᠠᠶᠢᠨ᠎ᠠ᠃       ᠲᠣᠰ ᠤᠳᠠᠭᠠᠨ ᠤ  ᠨᠠᠰᠤᠵᠢᠯ ᠳᠤ  ᠲᠤᠬᠢᠷᠠᠬᠤ ᠥᠭᠡᠷᠡᠴᠢᠯᠡᠯᠳᠠ ᠶᠢᠨ ᠠᠵᠢᠯ ᠢ  ᠬᠤᠰᠢᠭᠤ ᠠᠷᠠᠳ ᠤᠨ ᠶᠠᠪᠤᠳᠠᠯ ᠤᠨ ᠲᠣᠪᠴᠢᠶᠠᠨ ᠤ ᠨᠠᠰᠤᠵᠢᠯ ᠤᠨ ᠦᠶᠯᠡᠴᠢᠯᠡᠭᠡᠨ ᠤ ᠲᠠᠰᠤᠭ ᠤᠨ ᠠᠵᠢᠯᠲᠠᠨ ᠭᠤᠷᠪᠠᠨ ᠲᠠᠯ᠎ᠠ ᠶᠢᠨ ᠺᠣᠮᠫᠠᠨᠢ ᠲᠠᠢ ᠬᠠᠮᠲᠤ ᠪᠠᠷ ᠥᠷᠨᠢᠭᠦᠯᠵᠦ᠂ ︽ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠠᠪᠬᠤ︾ ᠵᠠᠷᠴᠢᠮ ᠶᠣᠰᠣᠭᠠᠷ ᠥᠭᠡᠷᠡᠴᠢᠯᠡᠵᠦ᠂ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ᠂ ᠬᠡᠷ ᠪᠦᠯᠢ ᠶᠢᠨ ᠣᠷᠴᠢᠨ ᠲᠣᠭᠤᠷᠢᠨ ᠤ ᠵᠣᠬᠢᠴᠠᠯ ᠵᠢᠴᠢ ᠠᠰᠠᠷᠠᠨ ᠬᠠᠷᠠᠭᠠᠯᠵᠠᠭᠰᠠᠳ ᠤᠨ ᠬᠡᠷᠡᠭᠴᠡᠭᠡ ᠱᠠᠭᠠᠷᠳᠠᠯᠭ᠎ᠠ ᠵᠡᠷᠭᠡ ᠶᠢ ᠶᠡᠷᠦᠩᠬᠡᠶᠢᠯᠡᠨ ᠪᠣᠳᠣᠯᠬᠢᠯᠠᠵᠤ᠂ ᠬᠠᠪᠰᠤᠷᠤᠨ ᠵᠢᠯᠣᠭᠤᠳᠬᠤ᠂ ᠬᠠᠪᠰᠤᠷᠤᠨ ᠲᠤᠰᠠᠯᠠᠬᠤ  ᠵᠡᠷᠭᠡ  ᠦᠢᠯᠡᠴᠢᠯᠡᠭᠡ᠃    ᠭᠤᠷᠪᠠᠳᠠᠬᠢ ᠲᠠᠯ᠎ᠠ ᠶᠢᠨ ᠺᠣᠮᠫᠠᠨᠢ ᠶᠢᠨ ᠠᠵᠢᠯᠳᠠᠨ᠄  ︽ᠮᠠᠨ ᠤ ᠡᠨᠡ ᠤᠳᠠᠭᠠᠨ ᠤ ᠤᠭᠰᠠᠷᠠᠵᠤ  ᠪᠠᠶᠢᠭ᠎ᠠ ᠲᠥᠬᠦᠭᠡᠷᠦᠮᠵᠢ ᠳᠤ  ᠶᠠᠪᠣᠵᠦ ᠰᠠᠭᠤᠬᠤ ᠳᠤ ᠲᠤᠰᠠᠯᠠᠬᠤ ᠰᠠᠨᠳᠠᠯᠢ᠂ ᠬᠥᠯ ᠨᠢᠷᠤᠭᠤ ᠰᠤᠪᠢᠯᠠᠬᠤ ᠣᠷᠣ᠂ ᠣᠯᠠᠨ ᠬᠡᠷᠡᠭᠴᠡᠭᠡᠲᠦ ᠭᠠᠷ ᠴᠠᠭ ᠵᠡᠷᠬᠡ ᠶᠢ ᠲᠣᠬᠢᠷᠠᠭᠤᠯᠣᠠᠠᠰᠠᠨ ᠪᠠᠶᠢᠨ᠎ᠠ︾ ᠬᠡᠯ᠎ᠡ᠃    ᠵᠧᠦ ᠵᠢᠩ ᠷᠦᠩ ᠤᠨ ᠭᠡᠷ ᠤᠨ ᠬᠥᠮᠦᠰ᠄ ︽ᠡᠵᠢ ᠶᠢᠨ ᠠᠮᠢᠳᠤᠷᠠᠯ ᠢ ᠰᠠᠶᠢᠵᠢᠷᠠᠭᠤᠯᠤᠭᠰᠠᠨ ᠮᠥᠷᠲᠡᠭᠡᠨ ᠪᠢᠳᠡᠨ ᠤ ᠬᠠᠷᠠᠭᠠᠯᠵᠠᠬᠤ ᠳᠤ ᠳᠥᠭᠦᠮ ᠪᠣᠯᠵᠠᠢ᠂ ᠣᠳᠣ ᠶᠢᠨ ᠲᠥᠷᠥ ᠶᠢᠨ ᠪᠣᠳᠣᠯᠭ᠎ᠠ ᠦᠨᠡᠬᠡᠷ ᠰᠠᠶᠢᠨ᠃ ᠠᠬᠠᠮᠠᠳ ᠨᠠᠰᠤᠲᠠᠨ ᠳᠤ ᠳᠣᠭᠢᠷᠠᠬᠤ ᠲᠥᠬᠦᠭᠡᠷᠦᠮᠵᠢ ᠨᠦᠭᠦᠳ ᠨᠢ ᠨᠠᠰᠤᠲᠠᠶᠢᠴᠤᠳ ᠤᠨ ᠬᠥᠳᠡᠯᠵᠦ ᠪᠠᠷᠢᠬᠤ ᠳᠤ ᠳᠥᠭᠦᠮ ᠦᠭᠡᠢ ᠪᠠᠶᠢᠬᠤ ᠪᠠ ᠠᠮᠢᠳᠤᠷᠠᠯ ᠨᠢ ᠬᠦᠴᠢᠷᠲᠡᠶ ᠪᠠᠶᠢᠬᠤ ᠠᠰᠠᠭᠤᠳᠠᠯ ᠢ ᠰᠢᠶᠳᠪᠦᠷᠢᠯᠡᠪᠡ︾ ᠬᠡᠯ᠎ᠡ   ᠣᠶᠢᠷ᠎ᠠ ᠶᠢᠨ ᠵᠢᠯ ᠳᠤ᠂ ᠰᠢᠯᠤᠭᠤᠨ ᠬᠥᠬᠡ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ‌ᠨᠠᠰᠤᠵᠢᠯ ᠳᠤ ᠲᠤᠬᠢᠷᠠᠬᠤ ᠥᠭᠡᠷᠡᠴᠢᠯᠡᠯᠳᠠ ᠶᠢᠨ ᠠᠵᠢᠯ  ᠢᠶᠠᠷ ᠳᠠᠮᠵᠢᠭᠤᠯᠤᠨ᠂ ᠨᠠᠰᠤᠲᠠᠶᠢᠴᠤᠳ ᠤᠨ  ᠠᠮᠢᠳᠤᠷᠠᠯ ᠤᠨ ᠨᠥᠬᠦᠴᠡᠯ  ᠢ ᠰᠠᠶᠢᠵᠢᠷᠠᠭᠤᠯᠵᠤ᠂ ᠨᠠᠰᠤᠲᠠᠶᠢᠴᠤᠳ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ  ᠪᠠᠶᠢᠨ᠎ᠠ᠃ ᠣᠳᠣᠬᠠᠨ ᠳᠤ ᠨᠠᠰᠤᠵᠢᠯ ᠤᠨ ᠠᠵᠢᠯ ᠳᠤ ᠳᠣᠭᠢᠷᠠᠬᠤ ᠬᠡᠷᠡᠭᠰᠡᠯ ᠢ ᠴᠥᠮ ᠡᠷᠦᠬᠡ ᠳᠤ ᠬᠦᠷᠭᠡᠨ ᠥᠭᠴᠦ᠂ ᠰᠢᠯᠤᠭᠤᠨ ᠬᠥᠬᠡ ᠬᠤᠰᠢᠭᠤᠨ ᠤ 200 ᠭᠠᠷᠤᠶ ᠨᠠᠰᠤᠲᠠᠨ ᠠᠰᠢᠭ ᠭᠥᠷᠳᠡᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠢᠯᠤᠭᠤᠨ ᠬᠥᠬᠡ ᠬᠤᠰᠢᠭᠤᠨ ᠤ ᠠᠷᠠᠳ ᠤᠨ ᠶᠠᠪᠤᠳᠠᠯ  ᠤᠨ ᠲᠣᠪᠴᠢᠶ᠎ᠠ ᠦᠷᠭᠦᠯᠵᠢᠯᠡᠨ‌ᠨᠠᠰᠤᠵᠢᠯ   ᠤᠨ ᠠᠵᠢᠯ  ᠳᠤ ᠲᠤᠬᠢᠷᠠᠬᠤ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠬᠤᠰᠢᠭᠤᠨ ᠤ ᠨᠠᠰᠤᠲᠠᠶᠢᠴᠤᠳ ᠢ ᠬᠡᠷ ᠲᠡᠬᠡᠨ‌ᠠᠮᠤᠷ ᠲᠦᠪᠰᠢᠨ᠂ ᠲᠥᠬᠦᠮ ᠲᠥᠳᠠ᠂ ᠲᠠᠭᠠᠯᠠᠮᠵᠢᠲᠠᠶ ᠨᠠᠰᠤᠵᠢᠯ ᠤᠨ ᠠᠰᠠᠷᠠᠮᠵᠢ ᠬᠥᠷᠳᠡᠬᠦ ᠣᠷᠴᠢᠨ ᠨᠥᠬᠦᠴᠡᠯ ᠢ ᠦᠨᠡᠨ ᠬᠦ ᠰᠠᠶᠢᠵᠢᠷᠠᠭᠤᠯᠬᠤ ᠪᠠᠷ ᠴᠢᠷᠮᠠᠶᠢᠵᠤ  ᠪᠣᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号