ᠰᠠᠶᠢᠨᠬᠤᠳᠳᠤᠭ ᠰᠣᠮᠣᠨ ᠤ ᠪᠠᠶᠠᠨᠴᠠᠭᠠᠨ ᠭᠠᠴᠠᠭ᠎ᠠ  ᠨᠤᠳᠤᠭ ᠤᠰᠤ ᠪᠠᠨ ᠨᠤᠭᠤᠭᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/6/18
       ᠳᠡᠯᠭᠡᠷ ᠵᠣᠨ ᠤ ᠤᠯᠠᠷᠢᠯ ᠳᠤ᠂ ᠰᠢᠯᠤᠭᠤᠨ ᠬᠥᠬᠡ ᠬᠤᠰᠢᠭᠤᠨ ᠤ ᠰᠠᠶᠢᠨᠬᠤᠳᠳᠤᠭ ᠰᠣᠮᠣᠨ ᠤ ᠪᠠᠶᠠᠨᠴᠠᠭᠠᠨ ᠭᠠᠴᠠᠭ᠎ᠠ ᠳᠤ᠂ ᠰᠢᠷ᠎ᠠ ᠤᠳᠠ᠂ ᠤᠯᠢᠶᠠᠰᠤ᠂ ᠴᠠᠭᠠᠨ ᠰᠢᠪᠠᠭ ᠵᠡᠷᠭᠡ ᠤᠷᠭᠤᠮᠠᠯ ᠢᠠᠠᠴᠦ ᠰᠠᠬᠤᠯᠢᠭ ᠣᠷᠭᠤᠵᠦ᠂ ᠥᠩᠭᠡᠷᠡᠭᠰᠡᠨ  ᠤ ᠠᠳᠠᠷᠰᠢᠵᠣ ᠡᠯᠡᠰᠣᠷᠬᠡᠭᠵᠢᠭᠰᠡᠨ ᠨᠣᠳᠤᠭ ᠪᠡᠯᠴᠢᠬᠡᠷ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠥᠨᠣᠳᠣᠷ ᠤᠨ ᠡᠨᠡᠬᠦ ᠠᠮᠵᠢᠯᠳᠠ ᠪᠥᠳᠣᠮᠵᠢ  ᠨᠢ ᠭᠠᠴᠠᠭᠠᠨ ᠤ ᠡᠮᠡᠭᠳᠡᠶᠢᠴᠣᠳ ‍ᠤᠨ‌ᠭᠤᠴᠢᠨ ᠵᠢᠯ ᠤᠨ ᠲᠣᠷᠰᠢᠬᠢ  ᠬᠠᠮᠳᠣ ᠶᠢᠨ ᠴᠢᠷᠮᠠᠶᠢᠯᠠᠭ᠎ᠠ ᠠᠴᠠ ᠰᠠᠯᠵᠤ ᠴᠢᠳᠠᠰᠢ ᠥᠭᠡᠢ᠃   ᠰᠢᠯᠤᠭᠤᠨ ᠬᠦᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠵᠢᠨ‌ᠡᠯᠡᠰᠦ ᠶᠢ ᠲᠣᠭᠲᠠᠪᠤᠷᠢᠵᠢᠭᠤᠯᠬᠤ ᠲᠦᠷᠦᠯ ᠵᠦᠢᠯ ᠤᠨ ᠪᠠᠶᠠᠨᠴᠠᠭᠠᠨ ᠭᠠᠴᠠᠭᠠᠨ ᠤ ᠬᠤᠪᠢᠶᠠᠷᠢ ᠲᠣᠭᠤᠷᠢᠭ ᠲᠤ᠂ ᠤᠢᠢᠷ᠎ᠠ ᠶᠢᠨ ᠡᠳᠦᠷ ᠤᠳ ᠲᠤ᠂ ᠲᠤᠰ ᠭᠠᠴᠠᠭᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠰᠣᠶᠣᠯᠴᠡᠴᠡᠭ ᠮᠠᠯᠴᠢᠳ ᠢᠶᠠᠨ ᠳᠠᠭᠠᠭᠤᠯᠤᠨ ᠡᠯᠡᠰᠦ ᠶᠢ ᠵᠠᠰᠠᠬᠤ ᠠᠵᠢᠯ ᠳᠤ ᠭᠠᠪᠰᠢᠭᠠᠶᠢᠯᠠᠵᠦ ᠪᠠᠶᠢᠯ᠎ᠠ᠃    ᠪᠠᠶᠠᠨᠴᠠᠭᠠᠨ ᠭᠠᠴᠠᠭ᠎ᠠ ᠨᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠬᠤᠶᠢᠲᠤ ᠬᠡᠰᠡᠭ ᠲᠤ ᠪᠠᠶᠢᠷᠢᠯᠠᠵᠤ᠂ ᠶᠡᠷᠦᠩᠬᠡᠶ ᠲᠠᠯᠠᠪᠠᠶ ᠨᠢ 28.4 ᠲᠦᠮᠡᠨ ᠮᠥ ᠪᠠᠶᠢᠵᠤ᠂ ᠮᠠᠯ ᠠᠵᠤ ᠠᠬᠤᠶ ᠪᠠᠷ ᠭᠤᠤᠯ ᠪᠣᠯᠭᠠᠭᠰᠠᠨ ᠭᠠᠴᠠᠭ᠎ᠠ ᠪᠣᠯᠤᠨ᠎ᠠ᠃ ᠡᠯᠡᠰᠦᠷᠬᠡᠭ ᠭᠠᠵᠠᠷ ᠤᠨ ᠲᠠᠯᠠᠪᠠᠢ ᠨᠢ ᠭᠠᠴᠠᠭᠠᠨ ᠤ ᠶᠡᠷᠦᠩᠬᠡᠶ ᠲᠠᠯᠠᠪᠠᠢ ᠶᠢᠨ 80 % ᠠᠴᠠ ᠳᠡᠭᠡᠭᠰᠢᠬᠢ ᠶᠢ ᠡᠵᠡᠯᠡᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠡᠭᠦᠷᠭᠡ‌ᠬᠠᠲᠠᠭᠤᠵᠢᠯᠲᠠᠶ ᠪᠠᠶᠢᠨ᠎ᠠ᠃   1994 ᠣᠨ ᠳᠤ᠂ 20 ᠨᠠᠰᠤᠲᠠᠢ ᠰᠤᠶᠤᠯᠴᠡᠴᠡᠭ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭ᠎ᠠ᠂  ᠣᠣᠯ ᠤᠨ ᠬᠥᠬᠡᠮᠳᠦᠭ ᠨᠣᠭᠤᠭᠠᠨ ᠪᠠᠶᠢᠬᠰᠡᠨ ᠲᠠᠯ᠎ᠠ ᠨᠤᠲᠤᠭ ᠡᠯᠡᠰᠣᠨ ᠳᠤ  ᠬᠤᠴᠢᠬᠳᠠᠬᠰᠡᠨ ᠬᠡᠴᠡᠬᠦᠥ ᠪᠠᠶᠢᠳᠠᠯ ᠳᠤ ᠵᠢᠷᠣᠬᠡ ᠨᠢ ᠰᠢᠮᠰᠢᠷᠡᠵᠣ᠂ ᠡᠨᠡᠬᠦ ᠪᠠᠶᠢᠳᠠᠯ ᠢ ᠵᠠᠪᠠᠯ ᠬᠤᠪᠢᠷᠠᠭᠤᠯᠬᠤ ᠪᠠᠷ ᠵᠣᠷᠢᠭ ᠰᠢᠭᠤᠳᠴᠤ᠂ᠡᠷᠡᠰ ᠰᠢᠭᠤᠷᠬᠠᠢ ᠪᠠᠷ ᠭᠠᠴᠠᠭᠠᠨ ᠤ ᠡᠮᠡᠭᠲᠡᠶᠢᠴᠦᠳ ᠢ  ᠲᠠᠶᠢᠴᠢᠯᠠᠨ ᠲᠠᠭᠠᠭᠤᠯᠵᠣ ᠡᠯᠡᠰᠦᠷᠬᠡᠭᠵᠢᠯ ᠢ ᠵᠠᠰᠠᠬᠤ  ︽ᠤᠳᠠᠭᠠᠨ ᠳᠠᠭᠠᠭᠠᠮᠠᠭᠠᠢ ᠳᠠᠶᠢᠯᠠᠯᠳᠤᠭᠠᠨ︾ ᠳᠤ ᠣᠷᠣᠯᠴᠬᠠᠰᠠᠨ ᠪᠠᠶᠢᠨ᠎ᠠ᠃    ᠪᠠᠶᠠᠨᠴᠠᠭᠠᠨ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠰᠤᠶᠤᠯᠴᠡᠴᠡᠭ᠄  ︽ᠮᠠᠨ ᠤ ᠪᠠᠶᠠᠨᠴᠠᠭᠠᠨ ᠭᠠᠴᠠᠭᠠᠨ ᠤ ᠡᠮᠡᠭᠲᠡᠶᠢᠴᠦᠳ ᠰᠢᠷ᠎ᠠ ᠪᠤᠷᠭᠠᠰᠤ ᠲᠠᠷᠢᠵᠤ᠂ ᠡᠯᠡᠰᠦ ᠶᠢ ᠵᠠᠰᠠᠬᠤ ᠠᠵᠢᠯ ᠢ ᠠᠯᠢ ᠡᠷᠲᠡ ᠠᠴᠠ ᠬᠢᠵᠦ ᠡᠬᠢᠯᠡᠭᠰᠡᠨ ᠶᠤᠮ᠃ ᠪᠢ 94 ᠣᠨ ᠳᠤ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠨ ᠤ ᠠᠵᠢᠯ ᠳᠤ ᠣᠷᠣᠯᠴᠠᠭᠠᠳ ᠤᠳᠤ ᠪᠣᠯᠲᠠᠯ᠎ᠠ ᠡᠯᠡᠰᠦ ᠵᠠᠰᠠᠬᠤ ᠠᠵᠢᠯ ᠢ ᠵᠣᠬᠢᠶᠠᠨ ᠪᠠᠶᠢᠭᠤᠯᠤᠭᠠᠳ 30 ᠵᠢᠯ ᠪᠣᠯᠬᠤ ᠭᠡᠵᠦ ᠪᠠᠶᠢᠨ᠎ᠠ︾ ᠬᠡᠯ᠎ᠡ᠃    ᠮᠠᠯᠴᠢᠨ ᠴᠣᠯᠮᠣᠨᠴᠡᠴᠡᠭ᠄  ︽ᠮᠠᠨ ᠤ ᠠᠳᠡ ᠤᠤᠯ ᠳᠠᠭᠠᠨ ᠡᠯᠡᠰᠦ ᠮᠠᠩᠬ᠎ᠠ  ᠶᠡᠬᠡᠳᠠᠢ ᠪᠠᠶᠢᠵᠠᠶ᠂ ᠶᠡᠷᠡᠭᠡᠳ ᠣᠨ  ᠠᠴᠠ ᠡᠬᠢᠯᠡᠨ ᠮᠠᠨ ᠤ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠡᠯᠡᠰᠦ ᠮᠠᠩᠬ᠎ᠠ ᠶᠢ ᠵᠠᠰᠠᠬᠤ ᠠᠵᠢᠯ  ᠢ ᠵᠣᠬᠢᠶᠠᠨ ᠪᠠᠶᠢᠭᠤᠯᠵᠤ ᠡᠬᠢᠯᠡᠵᠡᠶ᠂ ᠰᠡᠭᠦᠯᠡᠷ ᠨᠢ ᠪᠢ ᠨᠦᠬᠦᠷ ᠲᠠᠢ ᠪᠠᠨ ᠬᠠᠮᠲᠤ ᠰᠢᠷ᠎ᠠ ᠪᠤᠷᠭᠠᠰᠤ ᠳᠠᠷᠢᠵᠤ᠂ ᠡᠨᠡ ᠬᠡᠰᠡᠭ ᠡᠪᠡᠰᠦ ᠪᠡᠯᠴᠢᠭᠡᠷ ᠢ ᠬᠠᠮᠠᠭᠠᠯᠠᠭᠰᠠᠨ ᠶᠤᠮ᠂ ᠣᠲᠣ  ᠭᠤᠶᠤ ᠪᠤᠯᠤᠠᠠᠰᠠᠠ︾  ᠬᠡᠵᠣ  ᠪᠠᠶᠠᠷ ᠲᠠᠢ ᠶᠠᠷᠢᠨ᠎ᠠ᠃    2017 ᠣᠨ ᠠᠴᠠ ᠨᠠᠰᠢ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠥᠷᠥᠯ ᠵᠦᠶᠯ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠲᠥᠷᠥᠯ ᠵᠦᠶᠯ ᠳᠤ ᠲᠣᠰ ᠭᠠᠴᠠᠭᠠᠨ ᠤ ᠮᠠᠯᠴᠢᠳ‌ᠢᠳᠡᠪᠬᠢᠲᠡᠶ ᠣᠷᠣᠯᠴᠠᠬᠤ ᠶᠢᠨ ᠬᠠᠮᠲᠤ ᠬᠠᠮᠢᠶᠠᠷᠤᠯᠲᠠ ᠬᠠᠮᠠᠭᠠᠯᠠᠯᠲᠠ ᠪᠠᠨ  ᠴᠢᠩᠭᠠᠳᠬᠠᠨ᠂ ᠣᠳᠣᠬᠠᠨ ᠳᠤ᠂ ᠬᠢᠯᠢ ᠶᠢᠨ ᠳᠣᠲᠣᠷᠠᠬᠢ ᠨᠡᠭᠦᠳᠡᠯ ᠡᠯᠡᠰᠦ ᠮᠠᠩᠬ᠎ᠠ ᠪᠦᠬᠦᠨ ᠢᠶᠠᠷ ᠢᠶᠠᠨ ᠲᠣᠭᠲᠠᠪᠤᠷᠢᠵᠢᠵᠤ᠂ ᠵᠠᠰᠠᠯᠲᠠ ᠶᠢᠨ ᠣᠷᠣᠨ ᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ 20 % ᠬᠥᠷᠬᠦ ᠥᠬᠡᠶ ᠪᠠᠶᠢᠭᠰᠠᠨ ᠠᠴᠠ ᠪᠠᠨ ᠣᠲᠣ 65 % ᠣᠷᠴᠢᠮ ᠪᠣᠯᠵᠣ᠂  ᠦᠨᠳᠦᠰᠦᠨ  ᠳᠡᠭᠡᠨ ᠢᠯᠡ ᠡᠯᠡᠰᠦ ᠬᠠᠷᠠᠭᠳᠠᠬᠤ ᠥᠬᠡᠶ ᠪᠣᠯᠵᠦ᠂ ᠠᠮᠢᠲᠠᠨ ᠤᠷᠭᠤᠮᠠᠯ ᠤᠨ ᠲᠥᠷᠥᠯ ᠵᠦᠶᠯ ᠡᠳᠦᠷ ᠢᠷᠡᠬᠦᠶ᠎ᠡ‌ᠣᠯᠠᠰᠢᠷᠠᠵᠣ᠂ ᠪᠠᠶᠠᠨᠴᠠᠭᠠᠨ ᠭᠠᠴᠠᠭᠠᠨ ᠤ  ᠥᠩᠭᠡᠷᠡᠭᠰᠡᠨ ᠤ ᠡᠯᠡᠰᠣᠷᠬᠡᠭᠵᠢᠵᠣ  ᠲᠠᠴᠢᠷᠰᠢᠠᠠᠰᠠᠠ ᠪᠠᠶᠢᠳᠠᠯ ᠨᠢᠭᠡᠨᠳᠠ ᠥᠭᠡᠢ ᠪᠤᠯᠵᠠᠢ᠃      ᠪᠠᠶᠠᠨᠴᠠᠭᠠᠨ ᠭᠠᠴᠠᠭᠠᠨ ᠤ ᠱᠦᠵᠢ᠂ ᠡᠷᠬᠢᠯᠡᠭᠴᠢ ᠲᠤᠭᠤᠭᠠᠨᠲᠡᠮᠦᠷ᠄  ︽ᠮᠠᠨ ᠤ ᠪᠠᠶᠠᠨᠴᠠᠭᠠᠨ  ᠭᠠᠴᠠᠭᠠᠨ ᠤ ᠡᠮᠡᠭᠲᠡᠶᠢᠴᠦᠳ ᠤᠨ ᠬᠤᠯᠪᠣᠭ᠎ᠠ ᠵᠢᠯ ᠪᠦᠷᠢ ᠰᠠᠶᠢᠨ ᠳᠤᠷ᠎ᠠ ᠠᠴᠠ ᠪᠠᠨ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠢᠷᠡᠭᠰᠡᠨ᠂ ᠲᠠᠷᠠᠭᠠᠴᠢ ᠶᠢᠨ ᠠᠯᠬᠤᠮ ᠳᠤ ᠮᠠᠨ ᠤ ᠭᠠᠴᠠᠭ᠎ᠠ ᠤᠷᠭᠤᠮᠠᠯ ᠤᠨ ᠪᠦᠷᠬᠦᠴᠡ ᠶᠢ ᠰᠡᠷᠭᠦᠭᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠪᠣᠯᠤᠨ᠎ᠠ︾ ᠬᠡᠵᠡᠢ᠃    
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号