ᠡᠷᠦᠬᠡ ᠶᠢᠨ ᠴᠡᠷᠢᠭ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ ᠳᠤ ᠢᠳᠡᠪᠬᠢᠯᠡᠨ ᠣᠷᠣᠯᠴᠠᠵᠦ ᠪᠣᠢ
ᠨᠡᠶᠢᠲᠡᠯᠡᠭᠰᠡᠨ ᠴᠠᠭ᠄
2024/6/27
      6 ᠳ᠋ᠤᠭᠠᠷ ᠰᠠᠷ᠎ᠠ ᠶᠢᠨ 27 ᠤ ᠡᠳᠦᠷ᠂ ᠰᠢᠯᠤᠭᠤᠨ ᠬᠥᠬᠡ ᠬᠤᠰᠢᠭᠤᠨ ᠤ ᠰᠠᠩ ᠤᠨ ᠲᠡᠯᠡᠶ ᠪᠠᠯᠭᠠᠰᠤᠨ ᠤ ᠣᠷᠳᠣ ᠶᠢᠨ ᠣᠪᠣᠭ᠎ᠠ ᠭᠠᠴᠠᠭᠠᠨ ᠤ ᠡᠯᠡᠰᠦᠷᠬᠡᠭᠵᠢᠯ ᠢ ᠵᠠᠰᠠᠬᠤ ᠠᠵᠢᠯᠯᠠᠭ᠎ᠠ ᠶᠠᠭ ᠶᠠᠪᠤᠭᠳᠠᠵᠤ ᠪᠠᠶᠢᠯ᠎ᠠ᠃ ᠬᠤᠰᠢᠭᠤ ᠠᠷᠠᠥᠨ ‍ᠤᠨ‌ᠵᠡᠪᠰᠡᠭᠲᠦ ᠬᠦᠴᠦᠨ ᠤ ᠬᠡᠯᠲᠡᠰ ᠵᠠᠭᠤ ᠰᠢᠬᠠᠮ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠵᠤ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠰᠡᠷᠭᠡᠶᠢᠯᠡᠨ ᠵᠠᠰᠠᠬᠤ ᠠᠵᠢᠯ ᠳ᠋ᠤ᠋‌ᠢᠳᠡᠪᠬᠢᠲᠡᠶ ᠣᠷᠣᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠪᠠ ᠰᠠᠶᠢᠨ ᠰᠠᠶᠢᠬᠠᠨ ᠬᠡᠷ ᠣᠷᠣᠨ ᠢᠶᠠᠨ ᠰᠠᠬᠢᠨ ᠬᠠᠮᠠᠭᠠᠯᠠᠬᠤ ᠳᠤ ᠬᠦᠴᠦᠨ ᠴᠢᠳᠠᠯ ᠢᠶᠠᠨ  ᠡᠷᠬᠦᠯ᠎ᠡ᠃  ᠲᠡᠳᠠ ᠵᠢᠷᠤᠭᠠᠰᠤ ᠵᠢᠷᠤᠵᠤ ᠳᠡᠭᠡᠰᠦ ᠲᠠᠳᠠᠬᠤ᠂  ᠴᠢᠬᠢ ᠮᠣᠳᠣ ᠰᠠᠭᠤᠯᠭᠠᠬᠤ ᠵᠡᠷᠬᠡ ᠠᠵᠢᠯ ᠢ ᠡᠮᠬᠢ ᠴᠡᠭᠴᠡ  ᠲᠠᠢ ᠶᠠᠪᠤᠠᠠᠳᠠᠭᠤᠯᠵᠤ ᠥᠪᠡᠷ ᠥᠪᠡᠷᠰᠡᠥᠨ ᠤᠨ ᠠᠵᠢᠯ ᠡᠬᠦᠷᠭᠡ ᠪᠠᠨ ᠠᠮᠵᠢᠯᠳᠠ ᠲᠠᠢ ᠪᠡᠶᠡᠯᠡᠬᠦᠯᠥᠭᠰᠡᠡ ᠪᠠᠶᠢᠨ᠎ᠠ᠃  ᠠᠵᠢᠯᠯᠠᠭᠠᠨ ᠤ ᠳᠠᠷᠠᠭ᠎ᠠ‌ᠣᠯᠠᠨ ᠢᠶᠠᠷ ᠢᠶᠠᠨ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠪᠣᠯ ᠣᠲᠣ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠣᠨ ᠳᠤ ᠠᠰᠢᠭ ᠬᠦᠷᠲᠡᠭᠡᠬᠦ ᠠᠭᠤᠤ ᠦᠶᠯᠡᠰ ᠮᠥᠨ᠂ ᠪᠠᠰᠠ ᠴᠤ ᠡᠷᠦᠬᠡ ᠶᠢᠨ ᠴᠡᠷᠢᠭ ᠤᠨ ᠭᠦᠶᠴᠡᠳᠬᠡᠪᠡᠰᠦ ᠵᠣᠬᠢᠬᠤ ᠡᠭᠦᠷᠭᠡ ᠮᠥᠨ᠂ ᠪᠢᠳᠠ‌ᠦᠷᠭᠦᠯᠵᠢᠯᠡᠨ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠣ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠤᠯᠠᠨ ᠰᠢᠷᠭ᠎ᠠ ᠲᠠᠭ᠎ᠠ  ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠤ ᠳᠤᠮᠳᠠ ᠡᠮᠦᠨ᠎ᠡ ᠨᠢ ᠬᠤᠰᠢᠭᠤᠷᠠᠵᠤ᠂ ᠰᠢᠨ᠎ᠡ ᠴᠠᠭ ᠦᠶ᠎ᠡ  ᠶᠢᠨ ᠡᠷᠦᠬᠡ ᠶᠢᠨ ᠴᠡᠷᠢᠭ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠵᠦ᠂ ᠮᠠᠨ ᠤ ᠤᠯᠤᠰ ᠤᠨ ᠤᠮᠠᠷᠠᠲᠤ  ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ  ᠢᠶᠠᠨ ᠡᠷᠭᠦᠨ᠎ᠡ ᠭᠡᠵᠦ ᠢᠯᠡᠳᠬᠡᠵᠡᠭᠡᠪᠡ᠃  ᠡᠷᠦᠬᠡ ᠶᠢᠨ ᠴᠡᠷᠢᠭ ᠤᠨ ᠲᠥᠯᠥᠭᠡᠯᠡᠭᠴᠢ ᠵᠠᠨ ᠮᠧᠩ᠄ ︽ᠥᠨᠥᠳᠦᠷ ᠤᠨ ᠡᠯᠡᠰᠦᠷᠬᠡᠭᠵᠢᠯ ᠢ ᠵᠠᠰᠠᠬᠤ ᠠᠵᠢᠯᠯᠠᠭ᠎ᠠ  ᠳᠤ ᠣᠷᠣᠯᠴᠠᠬᠤ ᠪᠠᠷ ᠳᠠᠮᠵᠢᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠠᠢ᠃ ᠬᠤᠶᠢᠰᠢᠳᠠ ᠪᠢ ᠡᠷᠦᠬᠡ ᠶᠢᠨ ᠴᠡᠷᠢᠭ ᠤᠨ ᠲᠤᠬᠠᠶᠢᠯᠠᠭᠰᠠᠨ ᠠᠵᠢᠯ  ᠳᠠᠭᠠᠨ ᠰᠠᠭᠤᠷᠢᠯᠠᠵᠤ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠡᠯᠡᠰᠦ ᠶᠢ ᠵᠠᠰᠠᠬᠤ ᠲᠠᠯ᠎ᠠ ᠪᠠᠷ ᠡᠩ ᠤᠨ ᠦᠶ᠎ᠡ ᠳᠤ ᠦᠢᠯᠡᠴᠢᠯᠡᠬᠦ᠂ ᠪᠠᠴᠢᠮ ᠦᠶ᠎ᠡ ᠳᠤ ᠠᠷᠭᠠᠴᠠᠭᠠᠬᠤ ᠰᠢᠨ᠎ᠡ ᠴᠠᠭ ᠦᠶ᠎ᠡ ᠶᠢᠨ ᠡᠷᠦᠬᠡ ᠶᠢᠨ ᠴᠡᠷᠢᠭ ᠤᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠪᠠᠨ ᠰᠠᠶᠢᠲᠤᠷ ᠪᠠᠳᠠᠷᠠᠭᠤᠯᠤᠨ᠎ᠠ︾ ᠬᠡᠯ᠎ᠡ᠃   ᠡᠷᠦᠬᠡ ᠶᠢᠨ ᠴᠡᠷᠢᠭ ᠤᠨ ᠲᠥᠯᠥᠭᠡᠯᠡᠭᠴᠢ ᠯᠢᠦᠶ ᠴᠢᠤᠸᠠᠨ᠄ ︽ᠡᠯᠡᠰᠦᠨ ᠬᠠᠯᠬᠠᠪᠴᠢ ᠪᠠᠶᠢᠷᠢᠯᠠᠭᠤᠯᠬᠤ ᠪᠠᠷ ᠳᠡᠮᠵᠢᠨ᠂ ᠪᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠤᠭᠰᠠᠨ ᠪᠥᠭᠡᠳ ᠡᠯᠡᠰᠦᠷᠬᠡᠭ ᠭᠠᠵᠠᠷ ᠤᠨ ᠵᠠᠰᠠᠯᠲᠠ ᠶᠢᠨ ᠠᠴᠢ ᠬᠤᠯᠪᠣᠭᠳᠠᠯ ᠢ ᠣᠶᠢᠯᠠᠭᠠᠯ᠎ᠠ᠃ ᠬᠤᠶᠢᠰᠢᠳᠠ ᠪᠢ ᠡᠷᠦᠬᠡ ᠶᠢᠨ ᠴᠡᠷᠢᠭ ᠤᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠬᠠᠮᠢᠶ᠎ᠠ ᠪᠥᠬᠦᠶ ᠲᠥᠷᠥ  ᠶᠢᠨ ᠪᠣᠳᠣᠯᠭ᠎ᠠ ᠪᠠ ᠡᠯᠡᠰᠦ ᠮᠠᠩᠬ᠎ᠠ ᠶᠢ ᠵᠠᠰᠠᠬᠤ ᠴᠢᠬᠤᠯᠠ ᠶᠡᠭᠡ ᠠᠴᠢ ᠬᠤᠯᠪᠣᠭᠳᠠᠯ ᠢ ᠰᠠᠶᠢᠲᠤᠷ ᠤᠬᠠᠭᠤᠯᠵᠤ᠂ ᠮᠠᠨ ᠤ ᠬᠤᠰᠢᠭᠤᠨ ᠤ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠳᠤ ᠰᠠᠶᠢᠲᠤᠷ ᠬᠠᠮᠵᠢᠯᠴᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦ ᠮᠠᠩᠬ᠎ᠠ ᠶᠢ ᠵᠠᠰᠠᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠤᠨ᠎ᠠ︾ ᠬᠡᠯ᠎ᠡ᠃  ᠡᠨᠡ ᠤᠳᠠᠭᠠᠨ ᠤ ᠡᠯᠡᠰᠦ ᠶᠢ ᠵᠠᠰᠠᠬᠤ ᠬᠥᠳᠡᠯᠭᠡᠭᠡᠨ ᠢᠶᠠᠷ ᠳᠠᠮᠵᠢᠨ᠂ ᠡᠷᠦᠬᠡ ᠶᠢᠨ ᠴᠡᠷᠢᠭ ᠬᠦᠴᠢᠷ ᠢ ᠲᠡᠰᠪᠦᠷᠢᠯᠡᠵᠦ ᠴᠢᠳᠠᠬᠤ᠂ ᠪᠠᠶᠢᠯᠳᠤᠵᠤ ᠴᠢᠳᠠᠬᠤ ᠵᠣᠷᠢᠭ ᠰᠠᠨᠠᠭ᠎ᠠ ᠪᠠᠨ ᠭᠦᠶᠴᠡᠳ ᠪᠠᠳᠠᠷᠠᠭᠤᠯᠵᠠᠶ᠃ ᠲᠡᠳᠡ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠡᠮᠦᠨ᠎ᠡ ᠨᠢ ᠭᠠᠪᠰᠢᠭᠠᠶᠢᠯᠠᠵᠤ᠂ ᠰᠢᠨ᠎ᠡ ᠴᠠᠭ ᠦᠶ᠎ᠡ ᠶᠢᠨ ᠡᠷᠦᠬᠡ ᠶᠢᠨ ᠴᠡᠷᠢᠭ  ᠤᠨ ᠴᠤᠭ ᠵᠢᠪᠬᠤᠭ᠎ᠠ ᠪᠣᠯᠤᠨ ᠡᠭᠦᠷᠭᠡᠯᠡᠯ ᠢ ᠢᠯᠡᠷᠡᠬᠦᠯᠦᠨ᠂ ᠲᠠᠷᠠᠭᠠᠴᠢ ᠶᠢᠨ ᠠᠯᠬᠤᠮ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠲᠤᠬᠠᠶ ᠶᠢᠨ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠢᠨᠵᠧᠨᠧᠷᠢᠩ ᠢ ᠦᠷᠭᠦᠯᠵᠢᠯᠡᠨ ᠳᠠᠭᠠᠵᠤ᠂ ᠡᠷᠦᠬᠡ ᠶᠢᠨ ᠴᠡᠷᠢᠭ ᠤᠨ ᠭᠠᠪᠰᠢᠭᠠᠶ ᠠᠩᠭᠢ ᠶᠢᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠤᠮᠠᠷᠠᠲᠤ ᠬᠢᠯᠢ ᠶᠢᠨ ᠪᠣᠬᠢᠷᠲᠤᠯ ᠥᠬᠡᠶ ᠣᠷᠳᠣ ᠴᠠᠭᠠᠨ ᠬᠡᠷᠡᠮ ᠢ ᠪᠠᠲᠤ ᠴᠣᠭᠴᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ  ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号