ᠪᠥᠬᠦ ᠣᠷᠣᠨ ᠤ ᠢᠨᠲ᠋ᠧᠷ ᠰᠦᠯᠵᠢᠶᠡᠨ ᠤ ᠵᠠᠷ ᠮᠡᠳᠡᠭᠡ ᠶᠢᠨ ᠲᠣᠭᠲᠠᠭᠠᠯ ᠳᠤ ᠨᠡᠶᠢᠴᠡᠬᠦ ᠵᠢᠯᠣᠭᠤᠳᠣᠯᠭ᠎ᠠ ᠵᠢᠴᠢ ᠰᠦᠯᠵᠢᠶᠡᠨ ᠤ ᠡᠵᠡᠩᠨᠡᠨ ᠪᠣᠷᠣᠯᠠᠭᠤᠯᠬᠤ ᠮᠡᠷᠭᠡᠵᠢᠯ ᠴᠢᠳᠠᠪᠤᠷᠢ ᠶᠢᠨ ᠪᠣᠯᠪᠠᠰᠣᠷᠠᠯ ᠰᠢᠯᠤᠭᠤᠨ ᠬᠥᠬᠡ ᠬᠤᠰᠢᠭᠤᠨ ᠳᠤ ᠶᠠᠪᠤᠠᠠᠳᠠᠪᠡ
ᠨᠡᠶᠢᠲᠡᠯᠡᠭᠰᠡᠨ ᠴᠠᠭ᠄
2024/6/27
        ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ︽ᠵᠠᠷ ᠮᠡᠳᠡᠭᠡ ᠪᠠᠷ ᠲᠠᠷᠢᠶᠠᠯᠠᠩ ᠢ ᠳᠡᠮᠵᠢᠵᠦ ᠠᠵᠤ ᠠᠬᠤᠶᠢᠯᠠᠯ ᠢ ᠲᠤᠰᠠᠯᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠤᠰᠠᠳᠠ 6 ᠳ᠋ᠤᠭᠠᠷ ᠰᠠᠷ᠎ᠠ ᠶᠢᠨ 27 ᠤ ᠡᠳᠦᠷ᠂ ᠪᠥᠬᠦ ᠣᠷᠣᠨ ᠤ ᠢᠨᠲ᠋ᠧᠷ ᠰᠦᠯᠵᠢᠶᠡᠨ ᠤ ᠵᠠᠷ ᠮᠡᠳᠡᠭᠡᠨ ᠤ ᠲᠣᠭᠲᠠᠭᠠᠯ ᠳᠤ ᠨᠡᠶᠢᠴᠡᠬᠦ ᠵᠢᠯᠣᠭᠤᠳᠣᠯᠭ᠎ᠠ ᠵᠢᠴᠢ ᠰᠦᠯᠵᠢᠶᠡᠨ ᠤ ᠡᠵᠡᠩᠨᠡᠨ ᠪᠣᠷᠣᠯᠠᠭᠤᠯᠬᠤ ᠤᠷ᠎ᠠ ᠴᠢᠳᠠᠪᠤᠷᠢ ᠶᠢᠨ ᠪᠣᠯᠪᠠᠰᠣᠷᠠᠯ ᠰᠢᠯᠤᠭᠤᠨ ᠬᠥᠬᠡ ᠬᠤᠰᠢᠭᠤᠨ ᠳᠤ ᠶᠠᠪᠤᠠᠠᠳᠠᠵᠤ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠠᠬᠤᠶᠢᠯᠠᠯ᠂ ᠴᠠᠭᠠᠨ ᠢᠳᠡᠭᠡ ᠪᠣᠯᠪᠠᠰᠤᠷᠠᠭᠤᠯᠬᠤ ᠵᠡᠷᠭᠡ ᠬᠤᠯᠪᠣᠭᠳᠠᠯ ᠪᠦᠬᠦᠢ ᠠᠵᠤ ᠠᠬᠤᠶᠢᠯᠠᠯ ᠤᠨ 70 ᠭᠠᠷᠤᠶ ᠬᠥᠮᠦᠨ ᠣᠷᠣᠯᠴᠠᠪᠠ᠃      ᠪᠤᠯᠪᠠᠰᠤᠷᠠᠯ ᠲᠡᠭᠡᠷ᠎ᠠ᠂ ᠭᠢᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠳᠡᠭᠡ ᠵᠠᠩᠭᠢ ᠶᠢᠨ ᠵᠠᠭᠤᠴᠢᠯᠠᠭᠤᠷ ᠤᠨ ᠲᠣᠭᠠᠴᠢᠯᠠᠭᠰᠠᠨ ᠳᠡᠭᠡᠳᠦ ᠰᠤᠷᠭᠠᠭᠤᠯᠢ ᠪᠠ‌ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠠᠴᠠ ᠪᠣᠯᠪᠠᠰᠣᠷᠠᠯ ᠳᠤ ᠣᠷᠣᠯᠴᠬᠠᠰᠠᠳ ᠳᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠶᠢᠯᠤᠮᠵᠢ᠂ ᠰᠦᠯᠵᠢᠶᠡᠨ ᠤ ᠡᠵᠡᠩᠨᠡᠨ ᠪᠣᠷᠣᠯᠠᠭᠤᠯᠤᠯᠲᠠ ᠶᠢᠨ ᠰᠠᠭᠤᠷᠢ ᠮᠡᠳᠡᠯᠭᠡ᠂ ᠡᠵᠡᠩᠨᠡᠨ‌‍ᠪᠣᠷᠣᠯᠠᠭᠤᠯᠤᠯᠲᠠ‌‍ᠶᠢᠨ‌ᠠᠭᠤᠯᠭ᠎ᠠ‌‍ᠶᠢᠨ ᠲᠣᠬᠢᠷᠠᠭᠤᠯᠤᠯᠲᠠ᠂ ᠵᠠᠷ ᠮᠡᠳᠡᠭᠡ ᠨᠡᠪᠳᠡᠷᠡᠬᠦᠯᠬᠦ᠂ ᠣᠬᠤᠷ ᠸᠢᠳᠢᠣ᠋ ᠦᠢᠯᠡᠳᠬᠦ ᠵᠡᠷᠭᠡ ᠲᠠᠯ᠎ᠠ  ᠪᠠᠷ ᠬᠢᠴᠢᠶᠡᠯᠯᠡᠵᠦ ᠲᠠᠶᠢᠯᠤᠮᠵᠢ ᠬᠢᠵᠡᠢ᠃     ᠲᠣᠰ ᠤᠳᠠᠭᠠᠨ ᠤ ᠪᠣᠯᠪᠠᠰᠤᠷᠠᠯ ᠨᠢ᠂ ᠰᠦᠯᠵᠢᠶᠡᠨ ᠤ ᠡᠵᠡᠩᠨᠡᠨ ᠪᠣᠷᠣᠯᠠᠭᠤᠯᠤᠯᠲᠠ ᠶᠢᠨ ᠲᠤᠬᠠᠶ ᠲᠠᠨᠢᠯᠲᠠ ᠪᠠ ᠣᠶᠢᠯᠠᠭᠠᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠪᠤᠷᠤᠯᠠᠭᠤᠯᠭ᠎ᠠ ᠵᠢᠨ‌ᠬᠠᠮᠢᠶ᠎ᠠ ᠪᠥᠬᠦᠶ ᠮᠡᠳᠡᠯᠭᠡ ᠪᠠ ᠤᠷ᠎ᠠ ᠴᠢᠳᠠᠪᠤᠷᠢ ᠶᠢ ᠡᠵᠡᠮᠰᠢᠭᠦᠯᠵᠦ᠂ ᠠᠵᠤ ᠠᠬᠤᠶᠢᠯᠠᠯ᠂ ᠵᠢᠵᠢᠭ ᠦᠶᠯᠡᠳᠬᠡᠯ ᠪᠠ ᠮᠠᠯᠴᠢᠨ ᠲᠠᠷᠢᠶᠠᠴᠢᠨ ᠤ ᠰᠦᠯᠵᠢᠶᠡᠨ  ᠤ ᠰᠢᠭᠤᠳ ᠨᠡᠪᠲᠡᠷᠡᠭᠦᠯᠭᠡ ᠪᠠᠷ ᠡᠵᠡᠩᠨᠡᠨ ᠪᠣᠷᠣᠯᠠᠭᠤᠯᠬᠤ ᠠᠷᠭ᠎ᠠ ᠪᠠᠷᠢᠯ ᠢ ᠬᠡᠷᠡᠭᠯᠡᠨ ᠢᠨᠲ᠋ᠧᠷ ᠰᠦᠯᠵᠢᠶᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠴᠢᠳᠠᠪᠤᠷᠢ ᠶᠢ ᠤᠯᠠᠮ ᠨᠢᠭᠡ ᠠᠯᠬᠤᠮ‌ᠥᠷᠭᠡᠳᠬᠡᠵᠦ ᠴᠢᠳ᠋ᠬᠠᠰᠠᠠ ᠪᠥᠭᠡᠥᠨ‌ᠮᠠᠨ ᠤ ᠬᠤᠰᠢᠭᠤᠨ ᠤ ᠤᠨᠴᠠᠯᠢᠭᠳᠤ ᠠᠵᠤ ᠦᠶᠯᠡᠰ ᠪᠠ ᠦᠶᠯᠡᠳᠬᠦᠨ ᠤ ᠨᠠᠷᠠᠲᠤ ᠲᠡᠮᠳᠡᠭ ᠤᠨ ᠨᠡᠷ᠎ᠡ ᠠᠯᠳᠠᠷᠰᠢᠯ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠬᠥᠲᠥᠯᠦᠨ ᠵᠢᠯᠣᠭᠤᠳᠴᠤ᠂ ᠢᠨᠲ᠋ᠧᠷ ᠰᠦᠯᠵᠢᠶᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠴᠢᠳᠠᠪᠤᠷᠢ ᠶᠢ ᠥᠷᠭᠡᠳᠬᠡᠬᠦ ᠳᠤ ᠨᠠᠷᠢᠯᠢᠭ ᠣᠨᠣᠪᠴᠢᠲᠠᠶ ᠣᠨᠣᠯ ᠤᠨ ᠲᠤᠯᠭᠠᠭᠤᠷᠢᠯᠠᠯ ᠪᠠ ᠮᠡᠷᠭᠡᠵᠢᠯ ᠤᠨ ᠵᠢᠯᠣᠭᠤᠳᠣᠯᠭ᠎ᠠ ᠬᠠᠩᠭᠠᠠᠠᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号