ᠰᠢᠯᠤᠭᠤᠨ ᠬᠥᠬᠡ ᠬᠤᠰᠢᠭᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ 2024 ᠣᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/27
     6 ᠳ᠋ᠤᠭᠠᠷ ᠰᠠᠷ᠎ᠠ ᠶᠢᠨ 25 ᠤ ᠡᠳᠦᠷ᠂ ᠰᠢᠯᠤᠭᠤᠨ ᠬᠥᠬᠡ ᠬᠤᠰᠢᠭᠤᠨ ᠤ ᠬᠤᠶᠢᠴᠢ ᠦᠶ᠎ᠡ  ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ 2024 ᠣᠨ ᠤ ᠠᠵᠢᠯ ᠤᠨ ᠬᠤᠷᠠᠯ  ᠬᠤᠷᠠᠯᠳᠣᠵᠦ᠂ ᠬᠤᠰᠢᠭᠤ  ᠨᠠᠮ  ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋  ᠬᠤᠰᠢᠭᠤ ᠳᠠᠷᠤᠭ᠎ᠠ ᠬᠥᠭᠵᠢᠯᠲᠦ ᠬᠤᠷᠠᠯ ᠳᠤ  ᠣᠷᠣᠯᠴᠠᠨ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠬᠠᠨ ᠹᠧᠨ ᠬᠤᠷᠠᠯ  ᠢ ᠡᠷᠭᠢᠯᠡᠪᠡ᠃   ᠬᠤᠷᠠᠯ ᠠᠴᠠ 2023 ᠣᠨ ᠤ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠠᠮᠵᠢᠯᠲᠠ ᠶᠢ ᠪᠥᠬᠦ ᠲᠠᠯ᠎ᠠ ᠪᠠᠷ ᠳ᠋ᠦᠩᠨᠡᠵᠦ᠂ 2024 ᠣᠨ ᠤ ᠦᠨᠳᠦᠰᠦᠨ ᠱᠠᠲᠤᠨ ᠤ  ︽ᠲᠠᠪᠤᠨ ᠰᠠᠶᠢᠨᠲᠠᠶ︾ ᠬᠤᠶᠢᠴᠢ ᠦᠶ᠎ᠡ  ᠪᠠᠨ ᠬᠠᠯᠠᠮᠵᠢᠯᠠᠬᠤ ᠵᠥᠪᠯᠡᠯ ᠢ ᠴᠤᠠᠠᠴᠠᠯᠠᠨ ᠪᠠᠶᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠤᠠᠠᠰᠠᠠ ᠤ ᠬᠠᠮᠲᠤ ︽ᠰᠢᠯᠤᠭᠤᠨ ᠬᠥᠬᠡ ᠬᠤᠰᠢᠭᠤᠨ ᠤ  ︿ᠲᠠᠪᠤᠨ ᠰᠠᠶᠢᠨᠲᠠᠶ﹀ᠬᠤᠶᠢᠴᠢ ᠦᠶ᠎ᠡ  ᠪᠠᠨ ᠬᠠᠯᠠᠮᠵᠢᠯᠠᠬᠤ ᠵᠥᠪᠯᠡᠯ ᠢ  ᠴᠤᠠᠠᠴᠠᠯᠠᠨ ᠪᠠᠶᠢᠭᠤᠯᠬᠤ ᠬᠡᠷᠡᠭᠵᠢᠭᠦᠯᠬᠦ ᠲᠥᠰᠦᠯ 》 ᠳᠤ ᠲᠠᠶᠢᠯᠤᠮᠵᠢ ᠬᠢᠵᠡᠢ᠃    ᠬᠤᠷᠠᠯ ᠠᠴᠠ ᠴᠢᠬᠤᠯᠠᠴᠢᠯᠬᠠᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠬᠤᠶᠢᠴᠢ ᠦᠶ᠎ᠡ  ᠪᠠᠨ ᠬᠠᠯᠠᠮᠵᠢᠯᠠᠬᠤ ᠵᠣᠬᠢᠶᠠᠨ ᠪᠠᠶᠢᠭᠤᠯᠤᠯᠲᠠ ᠪᠣᠯᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ  ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ‌ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠣᠳᠣᠯ ᠢᠶᠠᠨ ᠴᠢᠨᠠᠭᠰᠢᠳᠠ ᠨᠡᠮᠡᠭᠳᠡᠭᠦᠯᠵᠦ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ  ᠬᠢᠵᠦ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂  ︽ᠨᠠᠮ ᠵᠠᠰᠠᠭ ᠤᠨ ᠪᠠᠴᠢᠮ ᠶᠠᠪᠤᠳᠠᠯ ᠳᠤ ᠶᠠᠭᠠᠷᠠᠵᠤ᠂ ᠵᠠᠯᠠᠭᠤᠴᠤᠳ ᠪᠠᠭᠠᠴᠤᠳ ᠤᠨ ᠬᠡᠷᠡᠭᠴᠡᠭᠡ ᠶᠢ ᠪᠣᠳᠣᠯᠬᠢᠯᠠᠵᠤ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠬᠤ︾ ᠠᠵᠢᠯ ᠤᠨ ᠴᠢᠭᠯᠡᠯᠲᠡ ᠶᠢ ᠦᠷᠭᠦᠯᠵᠢᠯᠡᠨ ᠪᠠᠷᠢᠮᠲᠠᠯᠠᠵᠤ᠂ ᠤᠯᠤᠰ ᠲᠦᠷᠦ ᠶᠢ ᠡᠷᠬᠢᠮᠯᠡᠬᠦ ᠰᠢᠯᠢᠳᠡᠭ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠤᠷᠭᠠᠭᠤᠯᠢ ᠶᠢᠨ ᠬᠥᠮᠦᠵᠢᠯ᠂ ᠭᠡᠷ ᠪᠦᠯᠢ ᠶᠢᠨ ᠬᠥᠮᠦᠵᠢᠯ ᠪᠣᠯᠤᠨ ᠵᠠᠯᠠᠭᠤᠴᠤᠳ ᠪᠠᠭᠠᠴᠤᠳ ᠤᠨ ᠦᠢᠯᠡᠳᠦᠯᠭᠡ ᠶᠢᠨ ᠬᠥᠮᠦᠵᠢᠯ ᠢ ᠰᠠᠶᠢᠲᠤᠷ  ᠠᠳᠬᠤᠨ᠂ ᠡᠯ᠎ᠡ ᠵᠦᠢᠯ ᠤᠨ ᠬᠥᠮᠦᠵᠢᠯ ᠤᠨ ᠠᠵᠢᠯᠯᠠᠭ᠎ᠠ ᠶᠢ ᠨᠠᠷᠢᠨ ᠨᠢᠮᠪᠠᠢ ᠲᠥᠰᠦᠪᠯᠡᠨ ᠥᠷᠨᠢᠭᠦᠯᠵᠦ᠂ ᠨᠡᠩ ᠤᠯᠠᠨ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ᠲᠠᠶᠢᠴᠢᠯᠠᠵᠤ ᠵᠠᠯᠠᠭᠤᠴᠤᠳ ᠪᠠᠭᠠᠴᠤᠳ ᠢ ᠬᠠᠯᠠᠮᠵᠢᠯᠠᠨ ᠬᠠᠪᠰᠤᠷᠬᠤ ᠠᠵᠢᠯ ᠳᠤ ᠣᠷᠣᠯᠴᠠᠭᠤᠯᠵᠤ᠂ ᠬᠤᠶᠢᠴᠢ ᠦᠶ᠎ᠡ  ᠪᠠᠨ ᠬᠠᠯᠠᠮᠵᠢᠯᠠᠬᠤ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ︽ᠨᠠᠮ ᠤᠨ ᠪᠠᠶᠢᠭᠤᠯᠤᠯᠲᠠ  ᠶᠢᠨ ᠲᠠᠶᠢᠴᠢᠯᠠᠨ ᠪᠠᠶᠢᠭᠤᠯᠬᠤ︾ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠣᠨ᠂ ᠤᠬᠠᠭᠤᠯᠬᠤ ᠡᠷᠴᠢᠮ ᠢᠶᠠᠨ  ᠴᠢᠩᠭᠠᠳᠬᠠᠵᠦ᠂ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠬᠤᠶᠢᠴᠢ ᠦᠶ᠎ᠡ  ᠪᠠᠨ ᠬᠠᠯᠠᠮᠵᠢᠯᠠᠬᠤ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ  ᠬᠡᠯ᠎ᠡ᠃    ᠬᠤᠰᠢᠭᠤ ᠬᠤᠶᠢᠴᠢ‌ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠬᠠᠮᠢᠶ᠎ᠠ ᠪᠥᠬᠦᠶ ᠤᠳᠤᠷᠢᠳᠤᠯᠭ᠎ᠠ᠂ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠤᠨ ᠬᠤᠷᠢᠶᠠᠨ ᠤ ᠳᠡᠳ᠋ ᠱᠦᠵᠢ᠂  ᠬᠤᠶᠢᠴᠢ‌ᠦᠶ᠎ᠡ  ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠬᠠᠮᠢᠶ᠎ᠠ ᠲᠠᠢ ᠬᠥᠮᠦᠰ ᠬᠤᠷᠠᠯ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号