ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ  ᠣᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/27
        6 ᠰᠠᠷ᠎ᠠ ᠶᠢᠨ 25 ᠤ ᠡᠳᠦᠷ᠂ ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ  ᠣᠳᠠᠭᠠᠨ  ᠤ ᠬᠤᠷᠠᠯ  ᠬᠤᠷᠠᠯᠳᠤᠵᠤ᠂ ᠬᠤᠷᠠᠯ ᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ ᠰᠣᠶᠣᠯᠲᠤ ᠡᠷᠬᠢᠯᠡᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠬᠠᠨ ᠹᠧᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠯᠢ ᠪᠢᠨ᠂ ᠪᠦᠷᠢᠨᠪᠠᠲᠤ᠂ ᠤᠷᠠᠨ᠎ᠠ᠂ ᠶᠢᠨ ᠱᠠᠨ ᠵᠢᠴᠢ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠪᠤᠰᠤᠳ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 31 ᠬᠥᠮᠦᠨ ᠪᠠᠶᠢᠵᠦ᠂ 27 ᠬᠥᠮᠦᠨ ᠲᠣᠰ ᠤᠳᠠᠭᠠᠨ ᠤ ᠬᠤᠷᠠᠯ ᠳᠤ  ᠣᠷᠣᠯᠴᠠᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ  ᠨᠡᠶᠢᠴᠡᠵᠡᠢ᠃   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠱᠠᠨᠳᠦ᠋ᠩ ᠳᠤ ᠰᠢᠨᠵᠢᠯᠡᠨ ᠪᠠᠶᠢᠴᠠᠭᠠᠠᠠᠰᠠᠠ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ︽ᠦᠨᠡᠨ︾ ᠰᠡᠳᠬᠦᠯ ᠳᠤ ᠨᠡᠶᠢᠲᠡᠯᠡᠭᠰᠡᠨ ︽ᠮᠠᠨ ᠤ ᠤᠯᠤᠰ ᠤᠨ ᠴᠢᠨᠠᠷ ᠰᠠᠶᠢᠲᠠᠶ ᠬᠥᠭᠵᠢᠯᠲᠡ  ᠶᠢᠨ ᠰᠢᠨ᠎ᠡ ᠪᠠᠶᠢᠳᠠᠯ ᠢ ᠡᠭᠦᠳᠦᠶ᠎ᠡ︾ ᠭᠡᠬᠦ ᠴᠢᠬᠤᠯᠠ ᠵᠣᠬᠢᠶᠠᠯ ᠢ ᠤᠯᠠᠮᠵᠢᠯᠠᠨ  ᠰᠣᠷᠣᠯᠴᠠᠵᠠᠢ᠃     ᠬᠤᠷᠠᠯ ᠠᠴᠠ ︽ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ︿ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠨᠠᠶᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠤᠬᠠᠶ ᠰᠢᠶᠳᠪᠦᠷᠢ﹀ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾  ᠶᠢ ᠰᠣᠨᠣᠰᠴᠤ ᠬᠢᠨᠠᠨ ᠵᠥᠪᠯᠡᠵᠦ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠥᠬᠦᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ  ᠰᠣᠨᠣᠰᠴᠦ᠂ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠬᠢᠨᠠᠨ ᠪᠠᠶᠢᠴᠠᠭᠠᠭᠰᠠᠨ ᠪᠠᠶᠢᠳᠠᠯ ᠲᠠᠢ ᠤᠶᠠᠯᠳᠤᠭᠤᠯᠤᠨ᠂  ︽ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠵᠢᠴᠢ ᠬᠠᠳᠠᠭᠠᠯᠠᠮᠵᠢ‌ᠮᠥ᠋ᠩᠭᠦ ᠶᠢᠨ ᠵᠠᠷᠤᠯᠭ᠎ᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠰᠣᠨᠣᠰᠴᠤ ᠬᠢᠨᠠᠨ ᠵᠦᠪᠰᠢᠶᠡᠷᠡᠵᠦ᠂ ︽ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ  ᠤᠨ ᠣᠷᠣᠯᠭ᠎ᠠ ᠵᠠᠷᠤᠯᠭ᠎ᠠ ᠶᠢᠨ 2023 ᠣᠨ ᠤ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠣᠰᠴᠤ ᠬᠢᠨᠠᠨ  ᠵᠥᠪᠯᠡᠵᠤ᠂ ︽ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠤ ᠵᠥᠪᠯᠡᠨ ᠶᠠᠷᠢᠯᠴᠠᠭᠰᠠᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠪᠢᠴᠢᠭ ᠢᠶᠠᠷ  ᠲᠡᠪᠰᠢᠬᠦᠯᠦᠭᠰᠡᠨ ᠪᠠᠶᠢᠨ᠎ᠠ᠃    ᠬᠤᠷᠠᠯ ᠠᠴᠠ  ︽ᠰᠢᠯᠤᠭᠤᠨ ᠬᠥᠬᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠥᠬᠦᠶ ᠠᠵᠢᠯ ᠤᠨ ᠵᠥᠪᠯᠡᠯ ᠤᠨ ᠨᠡᠷ᠎ᠡ ᠶᠢ ᠬᠠᠯᠠᠬᠤ ᠲᠤᠬᠠᠶ ᠲᠣᠭᠲᠠᠭᠠᠯ ︵ᠲᠥᠰᠦᠯ︶︾ ᠢ ᠪᠠᠲᠤᠯᠠᠵᠤ᠂ ︽ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠣᠷᠳᠣᠨ  ᠤ ᠪᠦᠷᠢᠯᠳᠦᠬᠦᠨ ᠰᠠᠯᠠᠭ᠎ᠠ ᠮᠥᠴᠢᠷ ᠲᠤ ᠲᠣᠬᠢᠷᠠᠭᠤᠯᠤᠯᠲᠠ ᠬᠢᠬᠦ ᠲᠤᠬᠠᠶ ᠳᠠᠩᠰᠠᠯᠠᠭᠤᠯᠤᠭᠰᠠᠨ ᠮᠡᠳᠡᠭᠦᠯᠦᠯᠲᠡ︾ ᠶᠢ ᠰᠣᠨᠣᠰᠴᠤ᠂ ᠬᠠᠮᠢᠶ᠎ᠠ ᠪᠥᠬᠦᠶ ᠠᠵᠢᠯᠲᠠᠨ ᠢ ᠲᠤᠰᠢᠶᠠᠯ ᠳᠤ ᠲᠣᠮᠢᠯᠠᠵᠤ  ᠰᠤᠯᠯᠠᠬᠤ ᠵᠦᠶᠯᠡᠰ ᠢ ᠶᠠᠪᠤᠠᠠᠳᠠᠭᠤᠯᠵᠦ᠂ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃   ᠰᠣᠶᠣᠯᠲᠤ ᠱᠠᠭᠠᠷᠳᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠣᠭᠤᠰᠢᠯᠠᠭᠤᠯᠵᠦ᠂ ᠬᠤᠰᠢᠭᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ‌‍ᠲ᠋ᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠠᠵᠢᠯ ᠤᠨ ᠦᠷ᠎ᠡ ᠪᠦᠲᠦᠮᠵᠢ ᠪᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ  ᠠᠬᠢᠭᠤᠯᠣᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠳᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠬᠡᠯ᠎ᠡ᠃   ᠰᠣᠶᠣᠯᠲᠤ ᠴᠢᠬᠤᠯᠠᠴᠢᠯᠬᠠᠰᠠᠠ ᠨᠢ᠂  ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ  ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠬᠠᠤᠯᠢ ᠲᠦᠭᠡᠮᠡᠯᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠴᠢᠬᠤᠯᠠᠴᠢᠯᠠᠵᠤ᠂ ᠤᠬᠠᠭᠤᠯᠭ᠎ᠠ ᠶᠢᠨ ᠬᠡᠯᠪᠡᠷᠢ ᠶᠢ ᠲᠠᠰᠤᠷᠠᠯᠲᠠ ᠥᠬᠡᠶ ᠰᠢᠨᠡᠴᠢᠯᠡᠵᠦ᠂ ᠬᠠᠤᠯᠢ ᠲᠦᠭᠡᠮᠡᠯᠵᠢᠭᠦᠯᠬᠦ ᠠᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠳᠬᠠᠵᠤ᠂ ᠠᠷᠠᠳ ᠣᠯᠠᠨ ᠤ ᠬᠠᠤᠯᠢᠵᠢᠯ  ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠶ᠃ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ  ᠶᠢᠨ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ᠂ ᠭᠤᠣᠯᠳᠠᠯᠭ᠎ᠠ ᠲᠠᠢ ᠬᠦᠷᠢᠶᠡᠨ ᠤ ᠪᠦᠳᠦᠭᠡᠨ ᠪᠠᠶᠢᠭᠤᠯᠤᠯᠲᠠ ᠶᠢᠨ  ᠦᠢᠯᠡᠳᠦᠯ ᠢ ᠴᠢᠩᠭᠠᠳᠬᠠᠬᠤ ᠶᠢᠨ ᠬᠠᠮᠲᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ  ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨᠬᠦ ᠪᠣᠳᠠᠲᠠᠶᠢᠵᠢᠭᠤᠯᠵᠤ᠂ ᠬᠢᠨᠠᠯᠲᠠ ᠲᠠᠯᠪᠢᠬᠤ ᠪᠠᠨ ᠦᠷᠭᠦᠯᠵᠢᠯᠡᠨ ᠴᠢᠩᠭᠠᠳᠬᠠᠵᠤ᠂ ᠯᠠᠪᠳᠠᠭᠤᠨ ᠪᠦᠲᠦᠮᠵᠢᠲᠡᠶ ᠬᠢᠨᠠᠨ ᠪᠤᠳᠤᠯᠲᠠ ᠪᠠᠷ ᠴᠡᠭᠴᠡᠯᠡᠨ ᠰᠠᠶᠢᠵᠢᠷᠠᠭᠤᠯᠵᠤ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠡᠢ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠦᠢ ᠮᠢᠩ ᠬᠤᠸᠠ ᠤᠷᠢᠯᠭ᠎ᠠ ᠪᠠᠷ ᠬᠤᠷᠠᠯ ᠳᠤ  ᠣᠷᠣᠯᠴᠠᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠳ᠋ᠦᠩ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠠᠩ ᠵᠢᠶᠧ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠸᠠᠩ ᠯᠢ ᠢᠦ᠋ᠶ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠷᠴᠢᠨ ᠲᠣᠭᠤᠷᠢᠨ ᠤ ᠡᠬᠢ ᠪᠠᠶᠠᠯᠢᠭ ᠪᠠ ᠲᠠᠷᠢᠶᠠᠯᠠᠩ ᠮᠠᠯ ᠠᠵᠤ ᠠᠬᠤᠶ ᠶᠢᠨ ᠵᠥᠪᠯᠡᠯ᠂ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂  ᠲᠠᠪᠦ‍ ᠨᠢᠬᠡ ᠮᠠᠯᠵᠢᠯ ᠤᠨ ᠲᠠᠯᠠᠪᠠᠶ᠂  ᠪᠣᠷᠣᠬᠤᠳᠠ ᠵᠢᠱᠢᠶ᠎ᠡ ᠦᠵᠡᠭᠦᠯᠬᠦ  ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠢ ᠬᠠᠷᠢᠯᠴᠠᠬᠤ ᠠᠯᠪᠠᠨ ᠬᠡᠷ ᠤᠨ ᠬᠠᠷᠢᠭᠤᠴᠠᠯᠭᠠᠲᠠᠨ ᠵᠢᠴᠢ ᠵᠠᠰᠠᠭ ᠤᠨ ᠣᠷᠳᠣᠨ ᠤ ᠭᠡᠰᠡᠭ‌‍ᠪᠦ᠋ᠷᠢᠯᠳᠦᠬᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠤ᠂ ᠬᠡᠰᠡᠭ ᠬᠤᠰᠢᠭᠤ ᠠᠷᠠᠳ ᠤᠨ ᠲᠥᠯᠥᠭᠡᠯᠡᠭᠴᠢ ᠤᠷᠢᠯᠭ᠎ᠠ  ᠪᠠᠷ ᠬᠤᠷᠠᠯ ᠳᠤ ᠰᠤᠯᠠ ᠣᠷᠣᠯᠴᠠᠵᠠᠶ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号