2024 ᠣᠨ  ᠤ ᠰᠢᠯᠢ ᠶᠢᠨ ᠭᠤᠤᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠢᠯᠤᠭᠤᠨ ᠬᠥᠬᠡ ᠬᠤᠰᠢᠭᠤᠨ ᠳᠠᠬᠢ ᠬᠤᠪᠢᠶᠠᠷᠢ ᠲᠠᠯᠠᠪᠠᠢ ᠶᠢᠨ ᠤᠷᠤᠯᠳᠤᠭᠠᠨ ᠤ ᠮᠣᠩᠭᠤᠯ ᠮᠣᠷᠢᠨ ᠤ 30 ᠺᠢᠯᠣᠮᠧᠲᠷ ᠤᠨ ᠠᠯᠤᠰ ᠤᠨ ᠮᠤᠷᠢᠨ ᠤ ᠤᠷᠤᠯᠳᠤᠭᠠᠨ ᠶᠠᠪᠤᠠᠠᠳᠠᠪᠠ
ᠨᠡᠶᠢᠲᠡᠯᠡᠭᠰᠡᠨ ᠴᠠᠭ᠄
2024/6/27
      6 ᠳ᠋ᠤᠭᠠᠷ ᠰᠠᠷ᠎ᠠ ᠶᠢᠨ 25 ᠤ ᠡᠳᠦᠷ᠂ 2024 ᠣᠨ ᠤ ᠰᠢᠯᠢ ᠶᠢᠨ ᠭᠤᠤᠯ ᠤᠨ ᠮᠣᠩᠭᠤᠯ ᠮᠣᠷᠢᠨ ᠤ  ᠬᠤᠯᠪᠣᠭᠠᠲᠤ ᠤᠷᠤᠯᠳᠤᠭᠠᠨ ᠤ ᠰᠢᠯᠤᠭᠤᠨ ᠬᠥᠬᠡ ᠬᠤᠰᠢᠭᠤᠨ ᠳᠠᠬᠢ ᠬᠤᠪᠢᠶᠠᠷᠢ ᠲᠠᠯᠠᠪᠠᠢ ᠶᠢᠨ ᠣᠷᠣᠯᠳᠣᠭᠠᠨ ᠤ ᠮᠣᠩᠭᠤᠯ ᠮᠣᠷᠢᠨ ᠤ  30 ᠺᠢᠯᠣᠮᠧᠲᠷ ᠤᠨ  ᠠᠯᠤᠰ ᠤᠨ ᠮᠤᠷᠢᠨ ᠤ ᠤᠷᠤᠯᠳᠤᠭᠠᠨ ᠶᠠᠪᠤᠠᠠᠳᠠᠵᠤ᠂ ᠡᠯ᠎ᠡ ᠰᠤᠮᠤ  ᠪᠠᠯᠭᠠᠰᠣᠨ ᠤ 35 ᠮᠣᠩᠭᠤᠯ  ᠮᠣᠷᠢᠳ ᠬᠤᠷᠳᠤᠯᠠᠵᠠᠢ᠃     ᠲᠤᠰ ᠤᠳᠠᠭᠠᠨ ᠤ ᠮᠣᠩᠭᠤᠯ ᠮᠤᠷᠢᠨ ᠤ ᠤᠷᠤᠯᠳᠤᠭᠠᠨ ᠨᠢ ᠮᠠᠯᠴᠢᠨ ᠲᠠᠷᠢᠶᠠᠴᠢᠨ ᠤ ᠤᠶᠤᠨ ᠰᠠᠨᠠᠭ᠎ᠠ ᠰᠣᠶᠣᠯ  ᠤᠨ ᠠᠮᠢᠳᠤᠷᠠᠯ ᠢ ᠪᠠᠶᠠᠯᠢᠭᠵᠢᠭᠤᠯᠵᠤ᠂ ᠤᠯᠠᠮᠵᠢᠯᠠᠯᠲᠤ ᠠᠳᠤᠭᠤᠨ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠡᠳᠬᠢᠯ  ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ  ᠢᠲᠡᠭᠡᠯ ᠵᠣᠷᠢᠭ ᠢ  ᠨᠡᠮᠡᠭᠳᠡᠬᠦᠯᠪᠡ᠃    ᠣᠷᠣᠯᠳᠣᠭᠠᠨ ᠤ ᠡᠴᠦᠰ ᠲᠤ ᠂ ᠵᠢᠭᠠᠰᠤᠲᠠᠢ  ᠰᠣᠮᠣᠨ ᠤ ᠪᠦᠬᠡᠪᠢᠯᠢᠭ ᠤᠨ ᠬᠠᠷ᠎ᠠ ᠮᠣᠷᠢ  ᠲᠡᠷᠢᠬᠦᠯᠡᠵᠦ᠂ ᠵᠢᠭᠠᠰᠤᠲᠠᠢ ᠰᠤᠮᠤᠨ ᠤ ᠪᠠᠶᠢᠭᠠᠯᠢ ᠶᠢᠨ ᠬᠦᠷᠡᠩ ᠮᠣᠷᠢ ᠬᠤᠶᠠᠳᠣᠭᠠᠷ᠂ ᠰᠠᠶᠢᠨᠬᠤᠳᠳᠤᠭ ᠰᠣᠮᠣᠨ ᠤ ᠭᠠᠩᠪᠣᠯᠣᠳ  ᠤᠨ ᠬᠦᠷᠡᠩ ᠮᠣᠷᠢ ᠭᠤᠷᠪᠠᠳᠣᠭᠠᠷ᠂ ᠰᠠᠶᠢᠨᠬᠤᠳᠳᠤᠭ  ᠰᠣᠮᠣᠨ ᠤ ᠵᠢᠷᠣᠮᠳᠣ ᠶᠢᠨ ᠬᠡᠭᠡᠷ ᠮᠣᠷᠢ ᠲᠦᠷᠪᠡ᠂ ᠵᠢᠭᠠᠰᠤᠲᠠᠢ  ᠰᠣᠮᠣᠨ ᠤ  ᠪᠦᠷᠢᠨᠪᠦ᠋ᠬᠡ ᠶᠢᠨ  ᠬᠠᠯᠳᠠᠷ ᠮᠣᠷᠢ ᠲᠠᠪᠣᠳᠣᠭᠠᠷ ᠲᠤ ᠲᠣᠳᠣᠷᠬᠠᠰᠠᠨ ᠪᠠᠶᠢᠨ᠎ᠠ᠃
微信图片_20240627164203.jpg
微信图片_20240627164215.jpg
微信图片_20240627164218.jpg
   ᠵᠢᠭᠠᠰᠣᠳᠠᠢ ᠰᠤᠮᠤᠨ ᠤ ᠮᠠᠯᠴᠢᠨ ᠪᠦᠬᠡᠪᠢᠯᠢᠭ᠄ ᠥᠨᠥᠳᠦᠷ  ᠮᠢᠨᠤ ᠮᠤᠷᠢ 30 ᠺᠢᠯᠣᠮᠧᠲᠷ ‍ᠤᠨ‌ᠠᠯᠤᠰ ‍ᠤᠨ‌ᠮᠤᠷᠢᠨ ‍ᠤ‌ᠤᠷᠤᠯᠳᠤᠭᠠᠨ‌‍ᠳᠤ‌‍ᠲ᠋ᠡᠷᠢᠭᠦᠯᠡᠭᠰᠡᠨ‌‍ᠰᠠᠶᠢᠨ‌ᠠᠮᠵᠢᠯᠳᠠ ᠳ᠋ᠤ᠋‌ᠮᠠᠰᠢᠪᠠᠶᠠᠷᠯᠠᠵᠤ ᠪᠠᠶᠢᠨ᠎ᠠ ᠬᠡᠯ᠎ᠡ᠃
微信图片_20240627164223.jpg
微信图片_20240627164226.jpg
微信图片_20240627164229.jpg
微信图片_20240627164233.jpg
微信图片_20240627164236.jpg
 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号