2024 ᠣᠨ  ᠤ ᠰᠢᠯᠢ ᠶᠢᠨ ᠭᠤᠤᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠢᠯᠤᠭᠤᠨ ᠬᠥᠬᠡ ᠬᠤᠰᠢᠭᠤᠨ ᠳᠠᠬᠢ ᠬᠤᠪᠢᠶᠠᠷᠢ ᠲᠠᠯᠠᠪᠠᠢ ᠶᠢᠨ ᠤᠷᠤᠯᠳᠤᠭᠠᠨ ᠶᠠᠪᠤᠠᠠᠳᠠᠪᠠ
ᠨᠡᠶᠢᠲᠡᠯᠡᠭᠰᠡᠨ ᠴᠠᠭ᠄
2024/6/27
        6 ᠳ᠋ᠤᠭᠠᠷ ᠰᠠᠷ᠎ᠠ ᠶᠢᠨ 25 ᠤ ᠡᠳᠦᠷ᠂ 2024 ᠣᠨ ᠤ ᠰᠢᠯᠢ ᠶᠢᠨ ᠭᠤᠤᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠢᠯᠤᠭᠤᠨ ᠬᠥᠬᠡ  ᠬᠤᠰᠢᠭᠤᠨ ᠳᠠᠬᠢ ᠬᠤᠪᠢᠶᠠᠷᠢ ᠲᠠᠯᠠᠪᠠᠢ ᠶᠢᠨ ᠣᠷᠣᠯᠳᠣᠭᠠᠨ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ ᠳᠤ  ᠶᠠᠪᠤᠠᠠᠳᠠᠪᠠ᠃    ᠲᠣᠰ ᠤᠳᠠᠭᠠᠨ ᠤ ᠠᠵᠢᠯᠯᠠᠭ᠎ᠠ ᠶᠢ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠰᠢᠯᠤᠭᠤᠨ ᠬᠥᠬᠡ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠠᠪᠦ‍ ᠨᠢᠬᠡ ᠮᠠᠯᠵᠢᠯ ᠤᠨ ᠲᠠᠯᠠᠪᠠᠶ ᠳᠠᠭᠠᠭᠠᠴᠢᠯᠠᠨ  ᠡᠷᠬᠢᠯᠡᠭᠰᠡᠨ ᠪᠠᠶᠢᠨ᠎ᠠ᠃
微信图片_20240627164215.jpg
微信图片_20240627164218.jpg
微信图片_20240627164615.jpg
    ᠣᠶᠢᠯᠠᠭᠠᠠᠠᠰᠠᠨ ᠢᠶᠠᠷ᠂ ᠲᠤᠰ ᠤᠳᠠᠭᠠᠨ ᠤ ᠤᠷᠤᠯᠳᠤᠭᠠᠨ ᠳᠤ ᠮᠣᠩᠭᠤᠯ ᠮᠣᠷᠢᠨ ᠤ 30 ᠺᠢᠯᠣᠮᠧᠲᠷ ᠤᠨ ᠬᠤᠯᠠ ᠶᠢᠨ ᠮᠤᠷᠢᠨ ᠤ ᠤᠷᠤᠯᠳᠤᠭᠠᠨ᠂ ᠲᠣᠭᠤᠶᠢᠯᠠᠩ ᠤᠨ ᠬᠦᠴᠦᠨ ᠵᠠᠯᠭᠠᠬᠤ ᠤᠷᠤᠯᠳᠤᠭᠠᠨ ᠪᠠ ᠵᠢᠷᠤᠭ᠎ᠠ ᠮᠣᠷᠢᠨ  ᠤ ᠤᠷᠤᠯᠳᠤᠭᠠᠨ ᠲᠤᠬᠢᠷᠠᠭᠤᠯᠵᠤ᠂ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠵᠢᠭᠠᠰᠤᠲᠠᠢ  ᠰᠣᠮᠣᠨ ᠤ ᠪᠦᠬᠡᠪᠢᠯᠢᠭ ᠤᠨ ᠬᠠᠷ᠎ᠠ ᠮᠣᠷᠢ 30 ᠺᠢᠯᠣᠮᠧᠲᠷ ‍ᠦᠨ‌ᠬᠤᠯᠠ ᠶᠢᠨ ᠮᠤᠷᠢᠨ ᠤ ᠤᠷᠤᠯᠳᠤᠭᠠᠨ ᠳᠤ  ᠮᠠᠩᠯᠠᠶᠢᠯᠠᠵᠦ᠂   ᠬᠦᠴᠦᠨ ᠵᠠᠯᠭᠠᠬᠤ ᠣᠷᠣᠯᠳᠣᠭᠠᠨ ᠳᠤ ᠵᠢᠭᠠᠰᠤᠲᠠᠢ ᠰᠣᠮᠣᠨ ᠤ ᠬᠤᠶᠠᠳᠣᠭᠠᠷ ᠲᠣᠭᠤᠶᠢᠯᠠᠩ‌‍ᠲ᠋ᠡᠷᠢᠬᠦᠯᠡᠵᠦ᠂ ᠵᠢᠷᠤᠭ᠎ᠠ ᠮᠣᠷᠢᠨ ᠤ ᠤᠷᠤᠯᠳᠤᠭᠠᠨ ᠳᠤ ᠱᠠᠩᠳᠤ ᠪᠠᠯᠭᠠᠰᠤᠨ ᠤ ᠶᠠᠩ ᠶᠦᠩ ᠪᠥᠸᠧ᠂ ᠰᠠᠶᠢᠨᠬᠤᠳᠳᠤᠭ ᠰᠣᠮᠣᠨ ᠤ ᠥᠯᠵᠡᠶᠢᠨᠠᠷᠠᠨ᠂ ᠰᠠᠩ ᠤᠨ ᠳᠠᠯᠠᠶ ᠪᠠᠯᠭᠠᠰᠤᠨ ᠤ ᠴᠢᠨᠳᠠᠮᠤᠨᠢ ᠶᠢᠨ  ᠮᠣᠷᠢ ᠲᠤᠰ ᠲᠤᠰ ᠲᠦᠷᠦᠭᠦᠦ ᠭᠤᠷᠪᠠ ᠳᠤ ᠲᠤᠳᠤᠷᠠᠵᠠᠢ᠃  ᠵᠢᠭᠠᠰᠣᠳᠠᠢ  ᠰᠤᠮᠤᠨ ᠤ ᠮᠠᠯᠴᠢᠨ ᠪᠦᠬᠡᠪᠢᠯᠢᠭ᠄ ᠥᠨᠥᠳᠦᠷ ᠰᠢᠯᠢ ᠶᠢᠨ ᠭᠤᠣᠯ ᠤᠨ ᠮᠣᠩᠭᠤᠯ ᠮᠤᠷᠢᠨ ᠤ  ᠬᠤᠯᠪᠣᠭᠠᠲᠤ ᠤᠷᠤᠯᠳᠤᠭᠠᠨ ᠤ ᠰᠢᠯᠤᠭᠤᠨ ᠬᠦᠬᠡ ᠬᠤᠰᠢᠭᠤᠨ ᠳᠠᠬᠢ ᠬᠤᠪᠢᠶᠠᠷᠢ ᠲᠠᠯᠠᠪᠠᠢ ᠶᠢᠨ30 ᠺᠢᠯᠣᠮᠧᠲᠷ ᠤᠨ ᠬᠤᠯᠠ ᠶᠢᠨ ᠮᠤᠷᠢᠨ ᠤ ᠤᠷᠤᠯᠳᠤᠭᠠᠨ ᠳᠤ ᠮᠢᠨᠦ ᠮᠣᠷᠢ ᠲᠡᠷᠢᠭᠦᠯᠡᠭᠰᠡᠨ ᠳᠤ ᠮᠠᠰᠢ ᠪᠠᠶᠠᠷᠯᠠᠵᠤ ᠪᠠᠶᠢᠨ᠎ᠠ ᠬᠡᠯ᠎ᠡ᠃    ᠲᠠᠷᠠᠭᠠᠴᠢ ᠶᠢᠨ ᠠᠯᠬᠤᠮ ᠳᠤ ᠰᠢᠯᠤᠭᠤᠨ ᠬᠥᠬᠡ ᠬᠤᠰᠢᠭᠤ  ᠠᠳᠤᠭᠤᠨ ᠤ ᠠᠵᠦ ᠦᠢᠯᠡᠰ ᠤᠨ ᠭᠤᠤᠯ ᠰᠡᠳᠦᠪᠲᠦ ᠵᠢᠭᠤᠯᠴᠢᠯᠠᠯ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂  ︽ᠶᠤᠸᠠᠨ ᠤ  ᠲᠡᠭᠡᠳᠦ ᠨᠡᠶᠢᠰᠯᠡᠯ︾ ᠪᠣᠯᠤᠨ ︽ᠬᠤᠯᠠᠨ ᠰᠢᠷᠭ᠎ᠠ︾ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠢ ᠡᠬᠦᠳᠦᠨ᠂ ᠰᠢᠯᠤᠭᠤᠨ ᠬᠥᠬᠡ ᠬᠤᠰᠢᠭᠤᠨ ᠤ ᠲᠡᠦᠬᠡ‌‍ᠰᠣᠶᠣᠯ᠂ ᠵᠢᠭᠤᠯᠴᠢᠯᠠᠯ᠂ ᠠᠮᠲᠠᠲᠤ ᠢᠳᠡᠭᠡᠨ ᠵᠡᠷᠭᠡ ᠲᠠᠯ᠎ᠠ  ᠨᠣᠳᠤᠭ ᠤᠨ ᠣᠬᠢ ᠰᠣᠳᠣ ᠶᠢ ᠪᠥᠬᠦ ᠲᠠᠯ᠎ᠠ ᠪᠠᠷ  ᠤᠬᠠᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠨ᠂ ᠰᠣᠶᠣᠯ ᠵᠢᠭᠤᠯᠴᠢᠯᠠᠯ ᠤᠨ ᠦᠶᠯᠡᠰ  ᠤᠨ ᠬᠥᠭᠵᠢᠯᠳᠡ ᠶᠢ ᠤᠯᠠᠮ‌‍ᠴᠢᠨ᠋ᠬᠠᠰᠢᠳᠠ ᠠᠬᠢᠭᠤᠯᠬᠤ ᠪᠣᠯᠣᠨ᠎ᠠ᠃
微信图片_20240627164648.jpg
微信图片_20240627164629.jpg
微信图片_20240627164652.jpg
微信图片_20240627164655.jpg
微信图片_20240627164700.jpg
微信图片_20240627164703.jpg
  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号