ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/27
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠨᠡᠷ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠵᠦ᠂  ︽  ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂  ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ︾ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠵᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠮᠠᠶ᠋ᠢᠭ ᠤᠨ ᠵᠥᠪᠯᠡᠬᠦ ᠰᠡᠳᠦᠪ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ  ᠬᠢᠵᠦ ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᡁᠢ ᠫᠧᠩ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠠᠩᠪᠦ᠋ᠬᠡ᠂  ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠮᠵᠢᠯᠳᠦ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃
微信图片_20240627165045.jpg
微信图片_20240627165058.jpg
    ᠴᠡᠴᠡᠭ ᠵᠡᠷᠭᠡ ᠬᠥᠮᠦᠰ ᠤᠷᠢᠳ ᠬᠤᠵᠢᠳ ᠰᠠᠩ ᠤᠨ ᠲᠡᠯᠡᠶ ᠪᠠᠯᠭᠠᠰᠣᠨ ᠤ ᠡᠷᠳᠡᠨᠢᠳᠠᠯᠠᠢ ᠭᠠᠴᠠᠭᠠᠨ ᠤ ᠰᠢᠯᠤᠭᠤᠨ ᠬᠥᠬᠡ ᠬᠤᠰᠢᠭᠤᠨ ᠤ 2024 ᠣᠨ ᠤ ᠪᠣᠳᠠ ᠮᠣᠳᠣ ᠪᠣᠶᠢᠵᠢᠭᠤᠯᠬᠤ ᠰᠤᠪᠠᠭ ᠤᠨ ᠲᠥᠷᠥᠯ ᠵᠦᠶᠯ  ᠤᠨ ᠣᠷᠣᠨ᠂ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ ᠤᠨ ᠲᠥᠷᠥᠯ ᠵᠦᠶᠯ ᠤᠨ ᠣᠷᠣᠨ᠂  ᠲᠠᠪᠦ‍ ᠨᠢᠬᠡ ᠮᠠᠯᠵᠢᠯ ᠤᠨ ᠲᠠᠯᠠᠪᠠᠶ ᠶᠢᠨ ᠲᠠᠪᠤᠳᠤᠭᠠᠷ ᠬᠤᠪᠢᠶᠠᠷᠢ ᠲᠠᠯᠠᠪᠠᠶ ᠶᠢᠨ 2023 ᠣᠨ ᠤ ᠰᠢᠯᠢ ᠶᠢᠨ ᠭᠤᠤᠯ ᠠᠶᠢᠮᠠᠭ  ᠤᠨ ᠥᠪᠥᠷ ᠮᠣᠩᠭᠤᠯ ᠤᠨ ᠵᠡᠭᠦᠨ ᠬᠡᠰᠡᠭ ᠤᠨ ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠤᠨ ᠣᠷᠣᠨ ᠳᠤ ᠬᠦᠷᠴᠦ ᠣᠶ ᠮᠣᠳᠣ ᠡᠪᠡᠰᠦ ᠤᠷᠭᠤᠮᠠᠯ ᠤᠨ ᠬᠤᠴᠢᠯᠭ᠎ᠠ ᠶᠢᠨ ᠤᠷᠭᠤᠯᠲᠠ ᠶᠢᠨ ᠪᠠᠶᠢᠳᠠᠯ᠂ ᠡᠯᠡᠰᠦᠷᠬᠡᠭ ᠭᠠᠵᠠᠷ ᠢ ᠵᠠᠰᠠᠭᠰᠠᠨ ᠣᠳᠣᠬᠢ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂  ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ  ᠶᠢ ᠠᠬᠢᠭᠤᠯᠬᠤ᠂  ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠣᠶᠢᠯᠠᠭᠠᠵᠤ᠂ ᠰᠢᠶᠳᠪᠦᠷᠢᠯᠡᠬᠦ ᠰᠡᠳᠬᠢᠴᠡ ᠪᠠ ᠠᠷᠭ᠎ᠠ ᠶᠢ ᠬᠠᠮᠲᠤ ᠪᠠᠷ ᠰᠤᠳᠤᠯᠤᠨ ᠶᠠᠷᠢᠯᠴᠠᠪᠠ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠴᠡᠴᠡᠭ ᠰᠢᠯᠤᠭᠤᠨ ᠬᠥᠬᠡ ᠬᠤᠰᠢᠭᠤᠨ ᠤ  ﹇ᠭᠤᠷᠪᠠᠨ‌ᠤᠮᠠᠷᠠᠲᠤ︾  ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠠᠵᠢᠯ ᠢ ᠭᠦᠶᠴᠡᠳ ᠨᠤᠲᠠᠯᠠᠬᠤ ᠶᠢᠨ ᠬᠠᠮᠲᠤ ᠰᠠᠨᠠᠯ ᠰᠠᠨᠠᠭᠤᠯᠭ᠎ᠠ  ᠲᠣᠷᠠᠳᠴᠦ᠂ ︽ᠭᠤᠷᠪᠠᠨ ᠤᠮᠠᠷᠠᠲᠤ ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠬᠤᠯᠠ ᠴᠢᠨᠠᠷ ᠢ ᠭᠦᠶᠴᠡᠳ ᠲᠠᠨᠢᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠯᠤᠭᠤᠨ ᠬᠥᠬᠡ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠱᠠᠯᠠᠪᠳᠠᠨ ᠠᠵᠢᠯᠯᠠᠵᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠵᠤ᠂ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠳᠬᠠᠨ᠂ ᠥᠷᠭᠡᠨ ᠣᠯᠠᠨ ᠲᠦᠮᠡᠨ ᠪᠣᠯᠤᠨ ᠨᠡᠶᠢᠭᠡᠮ ᠤᠨ ᠬᠦᠴᠦᠨ ᠢ ᠳᠠᠶᠢᠴᠢᠯᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠣᠷᠣᠯᠴᠠᠭᠤᠯᠵᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠣᠭᠲᠠᠴᠠ ᠵᠠᠭᠪᠤᠷ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠡᠨᠡ ᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠦᠨᠡᠨ ᠬᠦ ᠰᠠᠶᠢᠲᠤᠷ ᠪᠡᠶᠡᠯᠡᠭᠦᠯᠬᠦ ᠬᠡᠷᠡᠭᠲᠡᠶ  ᠬᠡᠵᠡᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号