ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 101 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ  ᠬᠤᠷᠢᠶᠠᠨ ᠤ  ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ  ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/27
     6 ᠰᠠᠷ᠎ᠠ ᠶᠢᠨ 21 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 101 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ  ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ  ᠵᠢᠷᠭᠤᠳᠤᠭᠠᠷ ᠤᠳᠠᠭᠠᠨ ᠤ ᠬᠤᠷᠠᠯ ᠢ ᠡᠷᠭᠢᠯᠡᠨ  ᠬᠤᠷᠠᠯᠳᠣᠭᠤᠯᠵᠦ᠂ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠨ ᠭᠠᠩ  ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠯᠢ ᠱᠤ᠋ ᠯᠸᠢ᠂ ᠴᠧᠨ ᠢ ᠴᠢᠨ ᠨᠥᠬᠦᠷ ᠤᠨ ᠪᠥᠬᠦ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ︽ᠵᠢᠷᠭᠤᠭᠠᠨ ᠢᠨᠵᠧᠨᠧᠷᠢᠩ︾ ᠤᠨ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂  ᠬᠤᠰᠢᠭᠤ ᠨᠠᠮ ᠤᠨ ᠬᠤᠷᠢᠶᠠᠨ  ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠬᠤᠷᠢᠶᠠᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃   ᠬᠤᠷᠠᠯ ᠠᠴᠠ ᠴᠢᠬᠤᠯᠠᠴᠢᠯᠬᠠᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ  ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂   ᠦᠶᠡᠷ ᠢ ᠰᠡᠷᠭᠡᠶᠢᠯᠡᠵᠦ ᠭᠠᠩ  ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ ᠰᠢᠰᠲ᠋ᠧᠮ ᠤᠨ ᠪᠠᠶᠢᠭᠤᠯᠤᠯᠲᠠ ᠶᠢ  ᠴᠢᠩᠭᠠᠳᠬᠠᠨ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠡᠳ᠋ ᠪᠣᠳᠠᠰ ᠢ ᠨᠥᠭᠡᠴᠡᠯᠡᠬᠦ ᠵᠡᠷᠭᠡ ᠠᠵᠢᠯ ᠢ ᠴᠢᠩᠭ᠎ᠠ ᠰᠠᠶᠢᠲᠤᠷ ᠬᠢᠵᠦ᠂ ᠦᠶᠡᠷ ᠢ ᠰᠡᠷᠭᠡᠶᠢᠯᠡᠵᠦ ᠭᠠᠩ   ᠲᠠᠢ ᠲᠡᠮᠡᠴᠡᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠯᠤᠭᠤᠨ ᠬᠥᠬᠡ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠵᠢᠭᠤᠯᠴᠢᠯᠠᠯ ᠤᠨ ᠦᠶᠯᠡᠴᠢᠯᠡᠭᠡ ᠪᠠ ᠰᠠᠭᠤᠷᠢ ᠲᠥᠬᠦᠭᠡᠷᠦᠮᠵᠢ ᠶᠢ ᠰᠢᠯᠢᠳᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠣᠳᠣᠨ ᠵᠢᠭᠤᠯᠴᠢᠯᠠᠯ ᠤᠨ ᠲᠥᠷᠥᠯ ᠵᠦᠶᠯ ᠪᠠ ᠵᠢᠭᠤᠯᠴᠢᠯᠠᠯ ᠤᠨ ᠪᠦᠲᠦᠭᠡᠭᠳᠡᠬᠦᠨ ᠢ ᠴᠣᠭᠴᠠᠯᠠᠵᠤ᠂ ᠵᠢᠭᠤᠯᠴᠢᠯᠠᠯ ᠤᠨ ᠦᠶᠯᠡᠰ ᠤᠨ ᠡᠷᠡᠭᠦᠯ ᠢᠶᠠᠷ ᠦᠷᠭᠦᠯᠵᠢᠯᠡᠨ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠬᠡᠷᠡᠭᠲᠡᠶ ᠬᠡᠯ᠎ᠡ᠃   ᠬᠤᠷᠠᠯ ᠠᠴᠠ ᠱᠠᠭᠠᠷᠳᠠᠭᠰᠠᠨ ᠨᠢ᠂   ᠲᠦᠷᠦᠭᠦᠯᠡᠨ ᠤᠳᠤᠷᠢᠳᠬᠤ ᠪᠠ ᠡᠯ᠎ᠡ ᠲᠤᠰᠬᠠᠶ ᠳᠤᠭᠤᠶᠢᠯᠠᠩ ᠨᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠰᠠᠶᠢᠳᠣᠷ ᠣᠶᠢᠯᠠᠭᠠᠵᠤ ᠰᠠᠶᠢᠲᠤᠷ‌ᠨᠠᠶᠢᠳᠠᠪᠤᠷᠢᠵᠢᠭᠤᠯᠥᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠠᠵᠢᠯ  ᠤᠨ ᠲᠣᠬᠢᠷᠠᠭᠤᠯᠤᠯᠲᠠ ᠶᠢ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠪᠲᠡᠷᠡᠯᠴᠡᠭᠡ ᠵᠣᠯᠭᠠᠯᠴᠠᠭ᠎ᠠ ᠶᠢ ᠴᠢᠩᠭᠠᠳᠬᠠᠨ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠳᠠᠷᠤᠯᠲᠠ ᠥᠭᠴᠦ ᠬᠦᠴᠦᠯᠡᠬᠦ ᠬᠡᠷᠡᠭᠲᠡᠶ᠃ ᠬᠠᠤᠯᠢ ᠪᠠᠷ ᠬᠤᠰᠢᠭᠤ ᠪᠠᠨ ᠵᠠᠰᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ‌ᠠᠬᠢᠭᠤᠯᠣᠨ᠂ ︽ᠰᠤᠯᠯᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠬᠠᠤᠯᠢ ᠴᠠᠭᠠᠵᠠ ᠶᠢᠨ ᠲᠥᠪ ᠭᠤᠣᠯᠴᠢ ᠶᠢ ᠪᠦᠬᠦ ᠲᠠᠯ᠎ᠠ ᠪᠠᠷ ᠠᠬᠢᠭᠤᠯᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠨᠡᠶᠢᠭᠡᠮ  ᠤᠨ ᠪᠠᠲᠤᠯᠠᠭ᠎ᠠ᠂ ᠣᠷᠣᠨ ᠰᠠᠭᠤᠴᠠ ᠵᠡᠷᠭᠡ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠰᠡᠳᠬᠢᠯ ᠲᠠᠯᠪᠢᠨ ᠬᠠᠤᠯᠢ ᠲᠣᠭᠲᠠᠭᠠᠯ ᠶᠣᠰᠣᠭᠠᠷ ᠪᠦᠲᠦᠮᠵᠢᠲᠡᠢ  ᠰᠡᠢᠳᠪᠦᠷᠢᠯᠡᠬᠦ ᠬᠡᠷᠡᠭᠳᠡᠢ ᠬᠡᠵᠡᠢ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号