ᠰᠢᠯᠤᠭᠤᠨ ᠬᠥᠭᠡ ᠬᠤᠰᠢᠭᠤ ᠪᠤᠯᠥᠨ ᠲᠣᠮᠳᠠᠳᠣ ᠣᠯᠣᠰ ‍ᠤᠨ‌ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠱᠢ ᠵᠢᠶᠠ ᠵᠤᠸᠠᠩ ᠬᠤᠲᠠ ᠶᠢᠨ ᠵᠦᠪᠯᠡᠯ᠂ ᠾᠧᠪᠧᠶ ᠮᠤᠵᠢ ᠳᠠᠬᠢ ᠥᠪᠥᠷ ᠮᠣᠩᠭᠤᠯ ᠤᠨ ᠬᠤᠳᠠᠯᠳᠣᠭᠠᠴᠢᠳ ᠤᠨ ᠨᠡᠶᠢᠬᠡᠮᠯᠢᠭ ᠤᠨ ᠰᠠᠭᠤᠳᠠᠯ ᠤᠨ ᠬᠤᠷᠠᠯ  ᠰᠢᠯᠤᠭᠤᠨ ᠬᠥᠬᠡ ᠬᠤᠰᠢᠭᠤᠨ ᠳᠤ  ᠪᠤᠯᠪᠠ
ᠨᠡᠶᠢᠲᠡᠯᠡᠭᠰᠡᠨ ᠴᠠᠭ᠄
2024/6/27
      6 ᠰᠠᠷ᠎ᠠ ᠶᠢᠨ 20 ᠤ ᠡᠳᠦᠷ᠂  ᠲᠣᠮᠳᠠᠳᠣ ᠣᠯᠣᠰ ‍ᠤᠨ‌ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ  ᠤᠨ ᠱᠢ ᠵᠢᠶᠠ ᠵᠤᠸᠠᠩ ᠬᠤᠲᠠ ᠶᠢᠨ ᠵᠦᠪᠯᠡᠯ ᠂ ᠸᠠ ᠲᠧ ᠰᠧ ᠬᠢᠵᠠᠭᠠᠷᠲᠤ ᠺᠣᠮᠫᠠᠨᠢ᠂ ᠾᠧᠪᠧᠶ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠵᠢᠴᠢ‌ᠠᠵᠤ ᠠᠬᠤᠶᠢᠯᠠᠯ ᠤᠨ ᠬᠠᠷᠢᠭᠤᠴᠠᠯᠭᠠᠲᠠᠨ ᠨᠡᠶᠢᠳᠠ 14 ᠬᠥᠮᠦᠨ ᠰᠢᠯᠤᠭᠤᠨ ᠬᠥᠬᠡ ᠬᠤᠰᠢᠭᠤᠨ ᠳ᠋ᠤ᠋‌ᠢᠷᠡᠵᠤ ᠠᠵᠢᠯ ᠪᠠᠶᠢᠴᠠᠭᠠᠭᠰᠠᠨ ᠪᠤᠶᠤ ᠶᠠᠷᠢᠯᠴᠠᠬᠤ ᠬᠤᠷᠠᠯ ᠬᠤᠷᠠᠯᠳᠤᠭᠤᠯᠪᠠ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠡᠷᠬᠢᠮ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠼᠦᠢ ᠮᠢᠩ ᠬᠤᠸᠠ᠂ ᠠᠶᠢᠮᠠᠭ ᠤᠨ ᠰᠣᠶᠣᠯ ᠤᠨ ᠥᠪ ᠢ ᠬᠠᠮᠠᠭᠠᠯᠠᠬᠤ ᠰᠤᠳᠤᠯᠭᠠᠨ ᠤ ᠲᠥᠪ ᠤᠨ ᠡᠷᠬᠢᠯᠡᠭᠴᠢ ᠸᠠᠩ ᠬᠤᠤ ᠳ᠋ᠧ ᠪᠠᠷ᠎ᠠ ᠪᠣᠯᠵᠣ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃   ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠢᠯᠤᠭᠤᠨ ᠬᠥᠬᠡ ᠬᠤᠰᠢᠭᠤᠨ ᠤ ᠴᠠᠭᠠᠨ ᠢᠳᠡᠬᠡᠨ ᠤ ᠵᠣᠭᠤᠭ ᠤᠨ ᠦᠷᠦᠬᠡ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠢᠶᠠᠷ ᠬᠦᠷᠴᠦ ᠪᠠᠶᠢᠴᠠᠭᠠᠨ ᠥᠵᠡᠭᠰᠡᠨ ᠤ  ᠬᠠᠮᠳᠤ ︽ᠰᠢᠯᠤᠭᠤᠨ ᠬᠥᠬᠡ ᠬᠤᠰᠢᠭᠤᠨ ᠤ  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠤᠬᠠᠭᠤᠯᠭ᠎ᠠ ᠶᠢᠨ ᠹᠢᠯᠢᠮ︾ ᠢ ᠦᠵᠡᠵᠦ᠂ ᠰᠢᠯᠤᠭᠤᠨ ᠬᠥᠬᠡ ᠬᠤᠰᠢᠭᠤᠨ ᠤ ᠠᠵᠤ ᠦᠶᠯᠡᠰ ᠤᠨ ᠲᠣᠶᠢᠮᠣ ᠪᠠᠶᠢᠳᠠᠯ᠂ ᠬᠥᠭᠵᠢᠯᠲᠡ ᠶᠢᠨ ᠳᠠᠪᠠᠭᠤᠯᠢᠭ ᠢ ᠤᠶᠢᠯᠠᠭᠠᠠᠠᠰᠠᠠ ᠪᠠᠶᠢᠨ᠎ᠠ᠃   ᠾᠧᠪᠸᠢ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠭᠤᠤ ᠯᠠᠨ᠂ ᠾᠧᠪᠸᠢ ᠮᠤᠵᠢ ᠶᠢᠨ ᠠᠵᠤ ᠦᠶᠯᠡᠰ ᠤᠨ ᠪᠠᠶᠢᠷᠢᠰᠢᠯ᠂ ᠬᠤᠳᠠᠯᠳᠤᠭᠠᠴᠢᠳ ᠤᠨ ᠡᠪᠯᠡᠯ ᠤᠨ ᠦᠨᠳᠦᠰᠦᠨ ᠪᠠᠶᠢᠳᠠᠯ ᠪᠣᠯᠤᠨ ᠨᠤᠲᠤᠭ ᠣᠷᠣᠨ ᠳᠠᠭᠠᠨ   ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠠᠯ᠎ᠠ ᠪᠠᠷ ᠠᠵᠢᠯ ᠤᠨ ᠲᠠᠨᠢᠯᠴᠠᠭᠤᠯᠭ᠎ᠠ ᠬᠢᠯ᠎ᠡ᠃    ᠲᠣᠮᠳᠠᠳᠣ ᠣᠯᠣᠰ ‍ᠤᠨ‌ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠱᠢ ᠵᠢᠶᠠ ᠵᠤᠸᠠᠩ ᠬᠤᠲᠠ  ᠶᠢᠨ ᠨᠠᠮ ᠤᠨ ᠬᠤᠷᠢᠶᠠᠨ ᠤ ᠳᠡᠳ᠋ ᠡᠷᠬᠢᠯᠡᠭᠴᠢ ᠭᠡᠰᠢᠭᠦᠨ ᠵᠠᠩ ᠬᠠᠶ ᠰᠢᠶᠠ᠂ ᠰᠢᠯᠤᠭᠤᠨ ᠬᠥᠬᠡ ᠬᠤᠰᠢᠭᠤᠨ ᠤ ᠠᠮᠢ ᠠᠬᠤᠶ ᠶᠢᠨ ᠡᠬᠢ ᠪᠠᠶᠠᠯᠢᠭ᠂ ᠰᠣᠶᠣᠯ ᠵᠢᠭᠤᠯᠴᠢᠯᠠᠯ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠠᠷᠠᠭᠠᠴᠢ ᠶᠢᠨ ᠠᠯᠬᠤᠮ ᠳᠤ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠭᠡᠰᠢᠭᠦᠳ ᠤᠨ ᠬᠦᠴᠦᠨ ᠢ ᠪᠠᠳᠠᠷᠠᠭᠤᠯᠵᠤ᠂ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠨ ᠬᠥᠭᠵᠢᠬᠦ᠂ ᠠᠵᠤ ᠦᠶᠯᠡᠰ ᠤᠨ ᠰᠢᠯᠵᠢᠯᠲᠡ ᠶᠢ ᠭᠥᠯᠢᠶᠡᠨ ᠠᠪᠬᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠰᠢᠯᠤᠭᠤᠨ ᠬᠥᠬᠡ ᠬᠤᠰᠢᠭᠤᠨ ᠤ ᠠᠵᠤ ᠦᠶᠯᠡᠰ ᠤᠨ ᠬᠥᠭᠵᠢᠯᠲᠡ ᠶᠢᠨ ᠤᠶᠠᠯᠳᠤᠯ ᠴᠡᠭ ᠢ ᠣᠨᠣᠪᠴᠢᠲᠠᠶ ᠣᠯᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ   ᠪᠡᠶᠡᠯᠡᠬᠦᠯᠥᠶ᠎ᠡ ᠭᠡᠯ᠎ᠡ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ᠂ ᠰᠢᠯᠤᠭᠤᠨ ᠬᠥᠬᠡ ᠬᠤᠰᠢᠭᠤᠨ ᠤ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠶᠯᠡᠰ ᠤᠨ ᠳᠠᠪᠠᠭᠤᠯᠢᠭ᠂  ᠠᠷᠠᠯᠵᠢᠶᠠᠴᠢᠨ ᠤᠷᠢᠬᠤ ᠴᠢᠭᠯᠡᠯ ᠳᠤ ᠨᠠᠷᠢᠨ ᠲᠠᠨᠢᠯᠴᠠᠭᠤᠯᠭ᠎ᠠ ᠬᠢᠵᠦ᠂ ᠲᠣᠰ ᠤᠳᠠᠭ᠎ᠠ ᠶᠢᠨ ᠪᠠᠶᠢᠴᠠᠭᠠᠨ ᠰᠤᠳᠤᠯᠤᠯᠲᠠ‌‍ᠪᠡᠷ ᠡᠬᠢᠯᠡᠯᠲᠡ ᠶᠢᠨ ᠴᠡᠭ ᠪᠣᠯᠭᠠᠵᠤ᠂ ᠰᠣᠯᠢᠯᠴᠠᠭ᠎ᠠ ᠬᠢᠵᠦ ᠬᠤᠯᠪᠣᠭᠠᠯᠠᠨ ᠬᠥᠳᠡᠯᠦᠯᠴᠡᠬᠦ ᠪᠠᠨ ᠤᠯᠠᠮ ᠴᠢᠨᠠᠭᠰᠢᠳᠠ ᠴᠢᠩᠭᠠᠳᠬᠠᠵᠤ᠂ ᠨᠠᠩ ᠣᠯᠠᠨ ᠴᠢᠨᠠᠷ ᠰᠠᠶᠢᠲᠠᠶ ᠠᠵᠤ ᠠᠬᠤᠶᠢᠯᠠᠯ ᠤᠨ ᠰᠢᠯᠤᠭᠤᠨ ᠬᠥᠬᠡ ᠬᠤᠰᠢᠭᠤᠨ ᠳᠤ  ᠢᠷᠡᠵᠦ ᠪᠠᠯᠠ ᠣᠷᠣᠭᠤᠯᠤᠨ ᠦᠶᠯᠡᠰ ᠵᠶ᠋ᠠᠨ‌‍ᠬᠥ᠋ᠭᠵᠢᠭᠦᠯᠵᠦ᠂ ᠬᠦᠴᠦ ᠪᠠᠨ ᠬᠠᠮᠲᠤᠳᠬᠠᠨ ᠰᠢᠯᠤᠭᠤᠨ ᠬᠥᠬᠡ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ  ᠬᠦᠰᠡᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号