ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠪᠢᠩ ᠷᠦᠩ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/27
       6 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠪᠢᠩ ᠷᠦᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠶᠦᠩ ᠮᠢᠩ᠂ ᠳᠡᠳ᠋ ᠡᠷᠬᠢᠯᠡᠭᠴᠢ ᠪᠠᠶ ᠶᠦᠩ ᠴᠦᠨ᠂  ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠣᠶᠣᠯᠲᠤ᠂  ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠮᠵᠢᠯᠳᠣ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ ᠃   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠢᠯᠤᠭᠤᠨ ᠬᠥᠬᠡ ᠬᠤᠰᠢᠭᠤᠨ ᠤ ᠰᠠᠩ  ᠤᠨ ᠲᠡᠯᠡᠶ ᠪᠠᠯᠭᠠᠰᠣᠨ ᠤ ᠡᠷᠳᠡᠨᠢᠳᠠᠯᠠᠢ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠤᠨ ᠲᠣᠭᠤᠷᠢᠭ᠂ ᠰᠢᠯᠤᠭᠤᠨ ᠬᠥᠬᠡ ᠬᠤᠰᠢᠭᠤᠨ ᠤ  ᠲᠠᠪᠦ‍ ᠨᠢᠬᠡ ᠮᠠᠯᠵᠢᠯ ᠤᠨ ᠲᠠᠯᠠᠪᠠᠶ ᠶᠢᠨ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ ᠲᠥᠷᠥᠯ ᠵᠦᠶᠯ ᠤᠨ ᠲᠣᠭᠤᠷᠢᠭ ᠲᠤ ᠬᠦᠷᠴᠦ᠂  ᠡᠯᠡᠰᠦᠷᠬᠡᠭᠵᠢᠯ  ᠢ ᠵᠠᠰᠠᠭᠰᠠᠨ ᠪᠠᠶᠢᠳᠠᠯ ᠪᠠ ᠤᠷᠭᠤᠮᠠᠯ ᠤᠨ ᠬᠤᠴᠢᠯᠭ᠎ᠠ ᠶᠢᠨ ᠤᠷᠭᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠰᠢᠯᠤᠭᠤᠨ ᠬᠥᠬᠡ ᠬᠤᠰᠢᠭᠤᠨ ᠤ ᠨᠢᠭᠡ ᠴᠣᠭᠴᠠᠵᠢᠭᠰᠠᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ  ᠰᠣᠨᠣᠰᠴᠠᠢ᠃   ᠯᠢ ᠪᠢᠩ ᠷᠦᠩ ᠴᠢᠬᠤᠯᠠᠴᠢᠯᠬᠠᠰᠠᠨ ᠨᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ  ᠬᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠥᠯᠥᠪᠵᠢᠭᠦᠯᠦᠨ ᠪᠠᠶᠢᠭᠤᠯᠬᠤ ᠪᠠ ︽ᠤᠮᠠᠷᠠᠲᠤ ᠶᠢᠨ ᠭᠤᠷᠪᠠᠨ ᠣᠷᠣᠨ︾ ᠤ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ  ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠣᠷᠣᠨ ᠬᠤᠪᠢᠶᠠᠨ ᠲᠥᠷᠥᠯ ᠬᠤᠪᠢᠶᠠᠨ᠂ ᠨᠠᠷᠢᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠰᠢᠨ᠎ᠡ ᠠᠷᠭ᠎ᠠ ᠵᠠᠮ ᠢ ᠢᠳᠡᠪᠬᠢᠲᠡᠶ ᠰᠦᠪᠡᠭᠴᠢᠯᠡᠨ᠂ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠢ ᠬᠠᠮᠲᠤ ᠪᠠᠷ ᠤᠯᠬᠤ ᠶᠢ  ᠪᠡᠶᠡᠯᠡᠬᠦᠯᠦᠨ ᠂ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠤᠢ  ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠨᠠᠷᠢᠨ ᠬᠢᠨᠠᠮᠠᠭᠠᠢ ᠲᠥᠯᠥᠪᠵᠢᠭᠦᠯᠦᠨ ᠪᠠᠶᠢᠷᠢᠰᠢᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ  ᠢ ᠨᠢᠭᠡ ᠴᠤᠬᠴᠠᠵᠢᠭᠤᠯᠬᠤ ᠢᠨᠵᠧᠨᠧᠷᠢᠩ ᠢ ᠲᠦᠷᠭᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠮᠠᠰᠢᠨ ᠢᠶᠠᠷ ᠡᠯᠡᠰᠦ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ  ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ  ᠬᠡᠯ᠎ᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号