ᠰᠢᠯᠤᠭᠤᠨ ᠬᠥᠬᠡ ᠬᠤᠰᠢᠭᠤ ᠪᠦᠬᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/6/27
        ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ  ᠤᠨ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠨ᠂ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠵᠦ᠂ ᠨᠠᠮ  ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ  ᠶᠢᠨ ᠲᠥᠯᠥᠭᠡ᠂ 6 ᠰᠠᠷ᠎ᠠ ᠶᠢᠨ 19 ᠤ ᠡᠳᠦᠷ᠂ ᠰᠢᠯᠤᠭᠤᠨ ᠬᠥᠬᠡ ᠬᠤᠰᠢᠭᠤ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢᠨ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠵᠦ᠂ ᠲᠤᠰᠬᠠᠶ ᠰᠡᠳᠦᠪᠲᠦ ᠲᠠᠶᠢᠯᠤᠮᠵᠢ + ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠠᠷᠭ᠎ᠠ ᠬᠡᠯᠪᠡᠷᠢ  ᠪᠠᠷ ᠳᠠᠮᠵᠢᠭᠤᠯᠤᠨ᠂ ᠭᠤᠤᠯ ᠬᠢᠴᠢᠶᠡᠯ ᠤᠨ ᠲᠠᠩᠬᠢᠮ ᠪᠠ ᠬᠤᠪᠢᠶᠠᠷᠢ ᠬᠢᠴᠢᠶᠡᠯ ᠤᠨ ᠲᠠᠩᠬᠢᠮ ᠲᠤᠬᠢᠷᠠᠭᠤᠯᠵᠤ ᠪᠣᠯᠪᠠᠰᠤᠷᠠᠯ  ᠬᠦᠷᠳᠡᠬᠡᠨ᠂ ᠭᠠᠵᠠᠷ ᠤᠨ ᠲᠠᠰ ᠤᠨ ᠪᠠ  ᠰᠠᠯᠠᠭᠠᠨ ᠲᠠᠰ ᠤᠨ ᠺᠠᠳ᠋ᠷ 120 ᠭᠠᠷᠤᠶ ᠬᠥᠮᠦᠨ ᠭᠤᠤᠯ ᠬᠢᠴᠢᠶᠡᠯ ᠤᠨ ᠲᠠᠩᠬᠢᠮ ᠤᠨ ᠪᠣᠯᠪᠠᠰᠤᠷᠠᠯ ᠳᠤ ᠣᠷᠣᠯᠴᠠᠵᠤ᠂ 2000 ᠭᠠᠷᠤᠶ ᠬᠥᠮᠦᠨ ᠬᠤᠪᠢᠶᠠᠷᠢ ᠬᠢᠴᠢᠶᠡᠯ ᠤᠨ ᠲᠠᠩᠬᠢᠮ ᠤᠨ ᠪᠣᠯᠪᠠᠰᠤᠷᠠᠯ ᠳᠤ  ᠣᠷᠣᠯᠴᠠᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠰᠤᠷᠤᠯᠭ᠎ᠠ ᠡᠬᠢᠯᠡᠬᠦ ᠶᠣᠰᠣᠯᠠᠯ  ᠡᠷᠭᠢᠯᠡᠪᠡ᠃   ᠪᠣᠯᠪᠠᠰᠤᠷᠠᠯ  ᠲᠡᠭᠡᠷ᠎ᠠ᠂  ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠯᠢᠦ ᠰᠢᠤᠢ ᠳ᠋ᠦᠩ ᠠᠴᠠ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ  ᠰᠢᠢᠥᠠᠭᠡᠯ‌ᠥᠭᠬᠦ ᠲᠦᠷᠢᠮ﹀ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ ᠤ ᠬᠥᠮᠦᠵᠢᠯ ᠢ ᠰᠠᠶᠢᠲᠤᠷ ᠥᠷᠨᠢᠭᠦᠯᠬᠦ︾ ᠪᠠᠷ ᠰᠡᠳᠦᠪ ᠪᠣᠯᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ︽ᠲᠦᠷᠢᠮ︾ ᠳᠤ ᠨᠠᠷᠢᠨ ᠲᠠᠶᠢᠯᠤᠮᠵᠢ ᠬᠢᠨ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ᠂ ᠨᠠᠮ ᠤᠨ ᠰᠤᠷᠭᠠᠭᠤᠯᠢ ᠶᠢᠨ ᠬᠠᠮᠢᠶ᠎ᠠ ᠪᠥᠬᠦᠶ ᠤᠳᠤᠷᠢᠳᠤᠯᠭ᠎ᠠ ︽ᠳᠤᠮᠳᠠᠳᠤ ᠤᠯᠤᠰ ᠤᠨ ᠡᠪ ᠬᠠᠮᠲᠤ ᠨᠠᠮ  ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠠᠵᠢᠯ ᠤᠨ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ  ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠲᠦᠷᠢᠮ︾ ᠵᠡᠷᠭᠡ ᠠᠭᠤᠯᠭ᠎ᠠ ᠳᠤ ᠲᠣᠰ ᠲᠣᠰ ᠲᠠᠶᠢᠯᠤᠮᠵᠢ ᠬᠢᠵᠡᠢ᠃     ᠲᠣᠰ ᠤᠳᠠᠭᠠᠨ ᠤ ᠪᠣᠯᠪᠠᠰᠤᠷᠠᠯ  ᠢᠶᠠᠷ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠣᠶᠢᠯᠠᠭᠠᠭᠤᠯᠵᠤ᠂  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ  ᠰᠢᠢᠥᠠᠭᠡᠯ ᠥᠭᠬᠦ ᠲᠦᠷᠢᠮ︾ ᠤᠨ ᠭᠤᠤᠯ ᠵᠣᠷᠢᠯᠲᠠ ᠪᠠ ᠲᠣᠭᠲᠠᠭᠠᠯ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠭᠦᠯᠵᠦ᠂ ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠲᠦᠷᠢᠮ ᠤᠨ ᠤᠬᠠᠮᠰᠠᠷ ᠢ ᠦᠨᠡᠨᠬᠦ ᠲᠡᠭᠡᠭᠰᠢᠯᠡᠬᠦᠯᠪᠡ᠃ ᠪᠣᠯᠪᠠᠰᠤᠷᠠᠯ  ᠤᠨ ᠳᠠᠷᠠᠭ᠎ᠠ᠂ ᠪᠣᠯᠪᠠᠰᠤᠷᠠᠯ ᠳᠤ  ᠤᠷᠤᠯᠴᠬᠠᠰᠠᠥᠨ ᠢᠷᠡᠭᠡᠳᠦᠶ ᠶᠢᠨ ᠠᠵᠢᠯ ᠤᠨ ᠳᠤᠮᠳᠠ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠡᠳᠦᠷ ᠲᠤᠲᠤᠮ ᠤᠨ ᠳᠠᠳᠬᠠᠯ ᠪᠠ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠭᠦᠯᠵᠦ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠶᠢᠨ ᠺᠠᠳ᠋ᠷ ᠪᠣᠯᠵᠣ᠂ ᠴᠢᠩᠭ᠎ᠠ ᠪᠣᠳᠠᠲᠠᠶ ᠠᠵᠢᠯ ᠤᠨ ᠰᠤᠷᠲᠠᠯ  ᠢᠶᠠᠷ ᠰᠢᠯᠤᠭᠤᠨ ᠬᠥᠬᠡ ᠬᠤᠰᠢᠭᠤᠨ ᠤ ᠡᠯ᠎ᠡ ᠵᠦᠶᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠦ ᠰᠠᠨᠠᠯ ᠨᠢᠭᠡᠲᠡᠶ ᠢᠯᠡᠳᠬᠡᠪᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号