ᠪᠦᠬᠦ ᠠᠶᠢᠮᠠᠭ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠶ  ᠶᠢᠨ ᠲᠠᠯᠠᠪᠠᠢ ᠶᠢᠨ ᠬᠤᠷᠠᠯ ᠰᠢᠯᠤᠭᠤᠨ ᠬᠥᠬᠡ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/6/27
      2024 ᠣᠨ ᠤ ᠪᠦᠬᠦ ᠣᠷᠣᠨ᠂ ᠪᠦᠬᠦ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ‌‍ᠤᠨ ᠬᠤᠷᠠᠯ ᠤᠨ ᠵᠣᠷᠢᠭ ᠰᠠᠨᠠᠭ᠎ᠠ ᠵᠢ‌‍ᠭᠦ᠋ᠨᠵᠡᠭᠡᠢ‌‍ᠲ᠋ᠣᠭᠤᠱᠢᠯᠠᠭᠤᠯᠣᠨ  ᠨᠠᠶᠢᠳᠠᠪᠤᠷᠢᠵᠢᠭᠤᠯᠬᠤ᠂ ᠪᠦᠬᠦ ᠠᠶᠢᠮᠠᠭ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠤᠨ ᠣᠳᠣᠬᠢ ᠪᠠᠶᠢᠳᠠᠯ ᠢ ᠵᠠᠳᠠᠯᠤᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠤᠣᠯᠳᠠᠯᠭ᠎ᠠ ᠲᠠᠢ ᠠᠵᠢᠯ ᠢ ᠲᠦᠷᠭᠡᠳᠬᠡᠨ ᠠᠬᠢᠭᠤᠯᠬᠤ ᠶᠢᠨ ᠲᠤᠰᠠᠳᠠ᠂ 6 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠠᠶᠢᠮᠠᠭ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠶ ᠶᠢᠨ ᠲᠠᠯᠠᠪᠠᠢ ᠶᠢᠨ ᠬᠤᠷᠠᠯ ᠰᠢᠯᠤᠭᠤᠨ ᠬᠥᠬᠡ ᠬᠤᠰᠢᠭᠤᠨ ᠳᠤ ᠬᠤᠷᠠᠯᠳᠤᠵᠤ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠧᠩ ᠬᠦᠶ ᠵᠢᠶᠦ᠋ᠨ᠂ ᠳᠡᠳ᠋ ᠡᠷᠬᠢᠯᠡᠭᠴᠢ ᠯᠢ ᠰᠢᠩ᠂ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋  ᠳᠠᠷᠤᠭ᠎ᠠ ᠯᠢᠦᠶ  ᠡᠾᠦ᠋ᠢ ᠬᠤᠷᠠᠯ ᠳᠤ  ᠣᠷᠣᠯᠴᠠᠵᠠᠢ᠃   18 ᠤ ᠦᠳᠡ ᠶᠢᠨ ᠡᠮᠦᠨ᠎ᠡ᠂ ᠬᠤᠷᠠᠯ ᠳᠤ ᠣᠷᠣᠯᠴᠠᠭᠰᠠᠳ ᠰᠢᠯᠤᠭᠤᠨ ᠬᠥᠬᠡ ᠬᠤᠰᠢᠭᠤᠨ ᠤ  ᠪᠣᠷᠣᠬᠤᠳᠠ‌ᠵᠢᠱᠢᠶ᠎ᠡ ᠦᠵᠡᠭᠦᠯᠬᠦ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠠᠪᠢᠷᠭ᠎ᠠ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠪᠣᠱᠣᠣᠳᠠᠢ ᠰᠣᠮᠣᠨ ᠤ  ᠡᠷᠡᠭᠦᠯ ᠬᠠᠮᠠᠭᠠᠯᠠᠯ ᠤᠨ ᠬᠤᠷᠢᠶ᠎ᠠ᠂ ᠰᠢᠯᠤᠭᠤᠨ ᠬᠥᠬᠡ ᠬᠤᠰᠢᠭᠤᠨ ᠤ ᠠᠷᠠᠳ ᠤᠨ ᠶᠡᠷᠦᠩᠬᠡᠶ ᠡᠮᠨᠡᠯᠭᠡ ᠶᠢᠨ ᠬᠤᠷᠢᠶ᠎ᠠ  ᠪᠠᠷ ᠬᠥᠷᠴᠤ ᠪᠠᠶᠢᠴᠠᠭᠠᠯᠳᠠ ᠬᠢᠵᠠᠢ᠃ ᠡᠯ᠎ᠡ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ ᠨᠠᠷ ᠬᠥᠭᠵᠢᠯᠲᠡ ᠶᠢᠨ ᠣᠳᠣᠬᠢ ᠪᠠᠶᠢᠳᠠᠯ᠂  ᠣᠨᠣᠰᠢᠯᠠᠨ ᠡᠮᠨᠡᠬᠦ᠂ ᠠᠵᠢᠯᠲᠠᠨ ᠤ ᠲᠣᠬᠢᠷᠠᠭᠤᠯᠤᠯᠲᠠ᠂ ᠰᠠᠭᠤᠷᠢ ᠲᠥᠬᠦᠭᠡᠷᠦᠮᠵᠢ ᠵᠡᠷᠭᠡ ᠲᠠᠯ᠎ᠠ ᠳᠤ ᠴᠢᠭᠯᠡᠭᠦᠯᠦᠨ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠬᠢᠲᠠᠳ ᠡᠮ ᠡᠮᠨᠡᠯᠭᠡ ᠶᠢᠨ ᠳᠠᠪᠠᠭᠤᠯᠢᠭ ᠢ ᠪᠠᠳᠠᠷᠠᠭᠤᠯᠬᠤ᠂ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠬᠤ᠂ ᠥᠭᠡᠷᠡᠴᠢᠯᠡᠨ ᠲᠠᠰ ᠳᠡᠪᠰᠢᠭᠦᠯᠵᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ  ᠰᠣᠯᠢᠯᠴᠬᠠᠰᠠᠨ ᠪᠠᠶᠢᠨ᠎ᠠ᠃   ᠲᠤᠬᠠᠶ ᠶᠢᠨ ᠲᠠᠯᠠᠪᠠᠶ ᠳᠤ ᠲᠣᠭᠤᠷᠢᠨ  ᠦᠵᠡᠭᠰᠡᠨ ᠤ ᠳᠠᠷᠠᠭ᠎ᠠ᠂ 18 ᠤ ᠦᠳᠡ ᠶᠢᠨ ᠬᠤᠶᠢᠨ᠎ᠠ ᠰᠢᠯᠤᠭᠤᠨ ᠬᠥᠬᠡ ᠬᠤᠰᠢᠭᠤᠨ ᠤ ᠠᠷᠠᠳ ᠤᠨ ᠶᠡᠷᠦᠩᠬᠡᠶ ᠡᠮᠨᠡᠯᠭᠡ ᠶᠢᠨ ᠬᠤᠷᠢᠶ᠎ᠠ ᠳᠤ ᠲᠤᠬᠠᠶ ᠶᠢᠨ ᠲᠠᠯᠠᠪᠠᠶ ᠶᠢᠨ ᠬᠤᠷᠠᠯ  ᠬᠢᠵᠦ᠂ ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠯᠢᠦᠶ ᠡᠾᠦ᠋ᠢ ᠪᠠᠶᠠᠷ ᠤᠨ ᠦᠭᠡ ᠬᠡᠯᠡᠵᠦ᠂ ᠰᠢᠯᠤᠭᠤᠨ ᠬᠥᠬᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠨᠡᠶᠢᠳᠡᠯᠢᠭ ᠵᠢᠱᠢᠶᠡᠨ ᠤ  ᠶᠠᠷᠢᠶ᠎ᠠ  ᠬᠢᠵᠤ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠰᠢᠩ ᠲᠤᠰᠬᠠᠶ ᠰᠡᠳᠦᠪᠲᠦ ᠮᠡᠳᠡᠭᠦᠯᠦᠯᠲᠡ ᠬᠢᠵᠦ᠂ ᠪᠥᠬᠦ ᠠᠶᠢᠮᠠᠭ ᠤᠨ 2023 ᠣᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠢ ᠡᠷᠭᠢᠴᠡᠭᠦᠯᠦᠨ ᠳ᠋ᠦᠩᠨᠡᠵᠦ᠂ 2024 ᠣᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠪᠠ᠃   ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠵᠧᠩ ᠬᠦᠶ ᠵᠢᠶᠦ᠋ᠨ ᠳ᠋ᠦᠩᠨᠡᠯᠲᠡ ᠶᠢᠨ ᠶᠠᠷᠢᠶ᠎ᠠ ᠲᠠᠯᠪᠢᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ  ᠶᠠᠷᠢᠵᠤ᠂ ᠮᠠᠨ ᠤ ᠠᠶᠢᠮᠠᠭ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠭᠦᠨᠵᠡᠭᠡᠶ ᠵᠢᠭᠠᠨ ᠭᠠᠷᠭᠠᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ ᠠᠵᠢᠯᠲᠠᠨ ᠳᠤᠲᠠᠭᠳᠠᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠬᠦ ᠵᠡᠷᠭᠡ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠤᠤᠯᠳᠠᠯᠭ᠎ᠠ ᠲᠠᠢ ᠠᠵᠢᠯ ᠢ ᠴᠢᠬᠤᠯᠠᠴᠢᠯᠠᠨ ᠪᠠᠶᠢᠷᠢᠯᠠᠭᠤᠯᠪᠠ᠃   ᠲᠣᠰ ᠤᠳᠠᠭᠠᠨ ᠤ ᠲᠤᠬᠠᠶ ᠶᠢᠨ ᠲᠠᠯᠠᠪᠠᠶ ᠶᠢᠨ ᠬᠤᠷᠠᠯ ᠨᠢ ᠲᠤᠬᠠᠶ ᠶᠢᠨ ᠲᠠᠯᠠᠪᠠᠶ ᠶᠢᠨ ᠦᠵᠡᠭᠦᠯᠦᠯᠭᠡ᠂ ᠲᠤᠷᠰᠢᠯᠭ᠎ᠠ ᠰᠤᠯᠢᠯᠴᠠᠬᠤ᠂ ᠠᠵᠢᠯ ᠤᠨ ᠪᠠᠶᠢᠷᠢᠯᠠᠭᠤᠯᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ᠪᠥᠬᠦ ᠠᠶᠢᠮᠠᠭ  ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠭᠤᠤᠯᠴᠢᠯᠠᠨ ᠬᠠᠮᠢᠶᠠᠷᠬᠤ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠪᠣᠳᠠᠲᠠᠶ ᠬᠠᠷᠢᠭᠤᠴᠠᠯᠭᠠᠲᠠᠨ ᠳᠤ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠷᠠᠯᠲᠠ ᠪᠠᠨ ᠲᠣᠳᠣᠷᠬᠠᠶᠢᠯᠠᠨ᠂ ᠲᠠᠷᠠᠭᠠᠴᠢ ᠶᠢᠨ ᠠᠯᠬᠤᠮ  ᠤᠨ ᠠᠵᠢᠯ  ᠤᠨ ᠪᠤᠳᠠᠳᠤ ᠥᠷ᠎ᠠ ᠪᠥᠳᠥᠮᠵᠢ ᠤᠯᠬᠤ ᠳᠤ ᠬᠦᠴᠦᠨ ᠨᠡᠮᠡᠷᠢᠯᠡᠪᠡ᠃   ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ  ᠤᠨ ᠰᠠᠯᠠᠭᠠᠨ ᠤ ᠪᠥᠬᠦ ᠪᠦᠷᠢᠯᠳᠦᠬᠦᠨ᠂ ᠠᠶᠢᠮᠠᠭ ᠤᠨ ᠲᠥᠪ‌ᠡᠮᠨᠡᠯᠭᠡ ᠶᠢᠨ ᠬᠤᠷᠢᠶ᠎ᠠ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ᠂ ᠠᠶᠢᠮᠠᠭ ᠤᠨ ᠡᠬᠡ ᠨᠢᠯᠬᠠᠰ  ᠡᠷᠡᠭᠦᠯᠵᠢᠯ ᠤᠨ ᠬᠤᠷᠢᠶᠠᠨ ᠤ ᠬᠤᠪᠢᠳᠠᠨ ᠬᠠᠮᠢᠶᠠᠷᠬᠤ ᠬᠤᠷᠢᠶᠠᠨ ᠳᠠᠷᠤᠭ᠎ᠠ᠂ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ᠂ ᠬᠤᠪᠢᠳᠠᠨ ᠬᠠᠮᠢᠶᠠᠷᠬᠤ ᠡᠷᠬᠢᠯᠡᠭᠴᠢ᠂ ᠦᠨᠳᠦᠰᠦᠨ ᠱᠠᠲᠤᠨ ᠤ  ᠲᠠᠰᠤᠭ ᠤᠨ ᠳᠠᠷᠤᠭ᠎ᠠ ᠨᠡᠶᠢᠲᠡ 60 ᠭᠠᠷᠤᠶ ᠬᠥᠮᠦᠨ ᠬᠤᠷᠠᠯ ᠳᠤ  ᠣᠷᠣᠯᠴᠬᠠᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号