ᠰᠢᠯᠤᠭᠤᠨ ᠬᠥᠬᠡ ᠬᠤᠰᠢᠭᠤᠨ ᠤ ᠪᠠᠶ ᠶᠤᠸᠠᠢ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠰᠠᠩ  ᠤᠨ ᠳᠠᠯᠠᠢ ᠪᠠᠭ᠎ᠠ ᠰᠤᠷᠭᠠᠭᠤᠯᠢ ᠳᠤ ᠨᠣᠮ ᠪᠢᠴᠢᠭ ᠵᠢᠴᠢ ᠪᠡᠶ᠎ᠡ ᠶᠢᠨ ᠲᠠᠮᠢᠷ ᠤᠨ ᠬᠡᠷᠡᠭᠰᠡᠯ ᠬᠠᠨᠳᠢᠪᠯᠠᠪᠠ
ᠨᠡᠶᠢᠲᠡᠯᠡᠭᠰᠡᠨ ᠴᠠᠭ᠄
2024/6/27
     6 ᠳ᠋ᠤᠭᠠᠷ ᠰᠠᠷ᠎ᠠ ᠶᠢᠨ 21 ᠤ ᠡᠳᠦᠷ᠂ ᠬᠤᠰᠢᠭᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ  ᠶᠢᠨ ᠭᠡᠰᠢᠭᠦᠨ ᠠᠵᠤ ᠠᠬᠤᠶᠢᠯᠠᠯ  ᠪᠠᠶ ᠶᠤᠸᠠᠢ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠰᠠᠩ ᠤᠨ ᠲᠡᠯᠡᠶ ᠪᠠᠭ᠎ᠠ ᠰᠤᠷᠭᠠᠭᠤᠯᠢ ᠳᠤ ᠬᠦᠷᠴᠦ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠵᠦ᠂  ᠬᠤᠰᠢᠭᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠰᠠᠩ ᠤᠨ ᠲᠡᠯᠡᠶ ᠪᠠᠯᠭᠠᠰᠤᠨ ᠤ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃   ᠲᠣᠰ ᠤᠳᠠᠭᠠᠨ ᠤ ᠬᠠᠨᠳᠢᠪᠯᠠᠬᠤ ᠠᠵᠢᠯᠯᠠᠭ᠎ᠠ ᠪᠣᠯ ᠪᠠᠶ ᠶᠤᠸᠠᠢ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠡᠨᠡ ᠵᠢᠯ ᠠᠴᠠ ᠨᠠᠭᠠᠰᠢ ᠥᠷᠨᠢᠭᠦᠯᠦᠭᠰᠡᠨ ᠭᠤᠷᠪᠠᠳᠤᠭᠠᠷ ᠤᠳᠠᠭᠠᠨ ᠤ ᠬᠠᠶᠢᠷ᠎ᠠ ᠬᠠᠯᠠᠮᠵᠢ ᠬᠦᠷᠭᠡᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ  ᠪᠤᠯᠥᠨ᠎ᠠ᠃ ᠠᠵᠢᠯᠯᠠᠭ᠎ᠠ ᠪᠠᠷ ᠪᠠᠶ ᠶᠤᠸᠠᠢ ᠠᠵᠢᠯ ᠮᠡᠷᠭᠡᠵᠢᠯ  ᠤᠨ ᠪᠣᠯᠪᠠᠰᠤᠷᠠᠯ ᠤᠨ ᠰᠤᠷᠭᠠᠭᠤᠯᠢ ᠶᠢᠨ ᠵᠠᠬᠢᠷᠤᠯ ᠯᠢᠦ  ᠲᠢᠶᠧ ᠭᠠᠩ᠂ ᠰᠠᠩ ᠤᠨ ᠲᠡᠯᠡᠶ ᠪᠠᠭ᠎ᠠ ᠰᠤᠷᠭᠠᠭᠤᠯᠢ ᠳᠤ 6000 ᠲᠥᠭᠦᠷᠢᠭ ᠤᠨ ᠥᠷᠲᠡᠭ ᠪᠥᠬᠦᠶ ᠨᠣᠮ ᠪᠢᠴᠢᠭ ᠵᠢᠴᠢ ᠪᠡᠶ᠎ᠡ  ᠲᠠᠮᠢᠷ ᠤᠨ ᠬᠡᠷᠡᠭᠰᠡᠯ ᠬᠠᠨᠳᠢᠪᠯᠠᠭᠰᠠᠨ ᠪᠥᠭᠡᠳ ︽ᠨᠡᠶᠢᠭᠡᠮ ᠢ ᠬᠠᠯᠠᠮᠵᠢᠯᠠᠵᠤ᠂ ᠨᠡᠶᠢᠭᠡᠮ ᠳᠤ ᠠᠴᠢ ᠬᠠᠷᠢᠭᠤᠯᠬᠤ︾ ᠵᠣᠷᠢᠯᠲᠠ ᠶᠢ ᠢᠮᠠᠭᠲᠠ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠠᠵᠤ ᠠᠬᠤᠶᠢᠯᠠᠯᠲᠠᠨ ᠤ ᠡᠭᠦᠷᠭᠡ ᠬᠠᠷᠢᠭᠤᠴᠠᠯᠭ᠎ᠠ ᠶᠢ ᠦᠶᠯᠡᠳᠦᠯᠭᠡᠵᠢᠭᠦᠯᠦᠨ᠎ᠡ ᠭᠡᠵᠦ ᠢᠯᠡᠳᠬᠡᠪᠡ᠃ ᠰᠠᠩ ᠤᠨ ᠲᠡᠯᠡᠶ ᠪᠠᠭ᠎ᠠ ᠰᠤᠷᠭᠠᠭᠤᠯᠢ ᠶᠢᠨ ᠵᠠᠬᠢᠷᠤᠯ ᠪᠦᠷᠢᠨᠪᠠᠶᠠᠷ ᠬᠠᠯᠠᠭᠤᠨ ᠰᠡᠳᠬᠢᠯᠲᠦ ᠠᠵᠤ ᠠᠬᠤᠶᠢᠯᠠᠯ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠬᠡᠮᠡᠷᠯᠢᠭ ᠲᠤᠭ ᠬᠦᠷᠭᠡᠵᠠᠢ᠃   ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠰᠢᠯᠤᠭᠤᠨ ᠬᠥᠬᠡ ᠬᠤᠰᠢᠭᠤᠨ ᠤ ᠨᠡᠶᠢᠲᠡ ᠶᠢᠨ ᠥᠮᠴᠢᠯᠡᠯ  ᠤᠨ ᠪᠤᠰᠤ ᠠᠵᠤ ᠠᠬᠤᠶ ᠶᠢᠨ ᠬᠥᠮᠦᠰ ᠤᠨ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ ᠭᠦᠶᠴᠡᠳᠬᠡᠬᠦ ᠰᠡᠳᠬᠢᠯᠭᠡ ᠪᠠ ᠡᠭᠦᠷᠭᠡᠯᠡᠯ ᠢ ᠭᠦᠶᠴᠡᠳ ᠢᠯᠡᠷᠡᠬᠦᠯᠦᠨ᠂ ᠲᠠᠷᠠᠭᠠᠴᠢ ᠶᠢᠨ ᠠᠯᠬᠤᠮ ᠳᠤ᠂ ᠬᠤᠰᠢᠭᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠦᠷᠭᠦᠯᠵᠢᠯᠡᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ ᠭᠦᠶᠴᠡᠳᠬᠡᠬᠦ  ᠶᠢ ᠬᠥᠲᠥᠯᠥᠨ ᠵᠢᠯᠣᠭᠤᠳᠴᠤ᠂ ᠨᠡᠶᠢᠲᠡ ᠶᠢᠨ ᠠᠰᠠᠷᠠᠮᠵᠢ ᠶᠢᠨ ᠦᠶᠯᠡᠰ ᠲᠤ ᠣᠷᠣᠯᠴᠠᠭᠤᠯᠤᠨ᠂ ᠣᠯᠠᠨ ᠶᠠᠩᠵᠤ ᠬᠡᠯᠪᠡᠷᠢ ᠶᠢᠨ᠂ ᠡᠯᠪᠡᠭ ᠪᠠᠶᠠᠯᠢᠭ ᠠᠭᠤᠯᠭ᠎ᠠ ᠲᠠᠢ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠶᠢᠨ ᠰᠠᠶᠢᠬᠠᠨ ᠦᠶᠯᠡ ᠠᠵᠢᠯᠯᠠᠭ᠎ᠠ ᠶᠢ ᠪᠠᠳᠠᠷᠠᠭᠤᠯᠬᠤ ᠢᠳᠡᠪᠬᠢ ᠬᠦᠴᠦᠨ ᠢ ᠦᠷᠭᠦᠯᠵᠢᠯᠡᠨ  ᠪᠠᠳᠠᠷᠠᠭᠤᠯᠬᠤ ᠪᠤᠯᠥᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号