ᠵᠢᠭᠠᠰᠤᠲᠠᠢ ᠰᠣᠮᠣᠨ ᠤ ᠪᠠᠶᠠᠨᠨᠠᠭᠤᠷ ᠭᠠᠴᠠᠭ᠎ᠠ ᠪᠣᠯᠣᠨ ᠠᠵᠦ ᠠᠬᠤᠶᠢᠯᠠᠯ  ᠬᠠᠮᠳᠣᠷᠬᠠᠰᠠᠨ  ︽ᠮᠢᠨᠦ ᠰᠡᠳᠬᠢᠯ ᠡᠭᠦᠷᠢᠳᠡ ᠨᠠᠮ ᠳᠠᠭᠠᠨ︾ ᠭᠤᠣᠯ ᠰᠡᠳᠦᠪᠲᠦ ᠲᠠᠭᠤᠨ ᠤ ᠤᠷᠤᠯᠳᠤᠭᠠᠨ  ᠶᠠᠪᠤᠠᠠᠳᠠᠪᠠ
ᠨᠡᠶᠢᠲᠡᠯᠡᠭᠰᠡᠨ ᠴᠠᠭ᠄
2024/6/27
     6 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ  ᠤᠨ ᠣᠶ ᠶᠢ ᠪᠡᠯᠭᠡᠯᠡᠬᠦ ᠶᠢᠨ ᠲᠣᠰᠠᠳᠠ᠂  ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂   ᠰᠢᠯᠣᠭᠤᠨ ᠬᠥᠬᠡ ᠬᠤᠰᠢᠭᠤᠨ ᠤ ᠵᠢᠭᠠᠰᠤᠲᠠᠶ ᠰᠤᠮᠤᠨ ᠤ ᠪᠠᠶᠠᠨᠨᠠᠭᠤᠷ ᠭᠠᠴᠠᠭᠠᠨ ᠤ ᠨᠠᠮ ᠤᠨ ᠡᠭᠦᠷ ᠪᠡᠭᠡᠵᠢᠩ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ︽ᠮᠢᠨᠦ ᠰᠡᠳᠬᠢᠯ ᠡᠭᠦᠷᠢᠳᠡ ᠨᠠᠮ  ᠳᠠᠭᠠᠨ︾  ᠬᠡᠬᠦ ᠭᠤᠤᠯ ᠰᠡᠳᠦᠪᠳᠤ‌‍ᠲ᠋ᠠᠭᠤᠨ ᠤ ᠤᠷᠤᠯᠳᠤᠭᠠᠨ ᠡᠷᠭᠢᠯᠡᠵᠦ᠂ ᠡᠯ᠎ᠡ ᠭᠠᠴᠠᠭ᠎ᠠ ᠵᠢᠴᠢ ᠠᠵᠤ ᠠᠬᠤᠶᠢᠯᠠᠯ  ᠤᠨ ᠬᠤᠷᠢᠭᠠᠳ ᠲᠠᠭᠤᠴᠢᠳ ᠣᠷᠣᠯᠴᠬᠠᠰᠠᠨ ᠪᠠᠶᠢᠨ᠎ᠠ᠃    ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠪᠠᠶᠠᠨ ᠤᠯᠠᠭᠠᠨ ᠭᠠᠴᠠᠭᠠᠨ ᠤ  ᠰᠦᠷᠯᠢᠭ ᠨᠢᠭᠡᠳᠦᠭᠡᠷ  ᠲᠤ ᠲᠣᠳᠣᠷᠠᠵᠦ᠂ ᠪᠠᠶᠠᠨᠨᠠᠭᠤᠷ ᠭᠠᠴᠠᠭᠠᠨ ᠤ ᠬᠠᠰᠭᠤᠸ᠎ᠠ᠂ ᠪᠡᠭᠡᠵᠢᠩ ᠤᠨ ᠴᠠᠬᠢᠯᠭᠠᠨ ᠬᠦᠴᠦᠨ ᠤ ᠢᠨᠵᠧᠨᠧᠷᠢᠩ  ᠤᠨ ᠬᠢᠵᠠᠭᠠᠷᠲᠤ ᠺᠣᠮᠫᠠᠨᠢ ᠶᠢᠨ ᠯᠢ ᠬᠠᠨ ᠮᠢᠩ ᠬᠤᠶᠠᠳᠤᠭᠠᠷ ᠳᠡᠰ  ᠲᠤ ᠰᠢᠯᠭᠠᠷᠠᠵᠤ᠂ ᠪᠠᠶᠠᠨ ᠤᠯᠠᠭᠠᠨ ᠭᠠᠴᠠᠭᠠᠨ  ᠤ ᠪᠦᠲᠦᠭᠡᠯᠳᠦ᠂ ᠪᠠᠶᠢᠭᠤᠯᠭ᠎ᠠ ᠶᠢᠨ ᠨᠠᠮ ᠤᠨ ᠡᠭᠦᠷ ᠤᠨ ᠴᠧᠨ ᠡᠯ ᠱᠧᠩ᠂ ᠰᠢᠷᠡᠭᠡᠲᠦ ᠭᠠᠴᠠᠭᠠᠨ ᠤ  ᠪᠠᠶᠠᠷᠬᠦᠦ ᠲᠣᠰ ᠲᠣᠰ ᠭᠤᠷᠪᠠᠳᠤᠭᠠᠷ ᠳᠡᠰ ᠤᠨ ᠱᠠᠩᠨᠠᠯ ᠬᠦᠷᠲᠡᠵᠡᠢ᠃   ᠲᠣᠰ ᠤᠳᠠᠭᠠᠨ ᠤ ᠭᠠᠴᠠᠭ᠎ᠠ ᠪᠤᠯᠥᠨ ᠠᠵᠤ ᠠᠬᠤᠶᠢᠯᠠᠯ  ᠤᠨ ᠬᠠᠮᠳᠣᠷᠬᠠᠰᠠᠨ‌ᠣᠷᠠᠯᠢᠭ ᠰᠣᠶᠣᠯ ᠤᠨ ᠠᠵᠢᠯᠯᠠᠭ᠎ᠠ   ᠨᠢ ᠠᠵᠤ ᠠᠬᠤᠶᠢᠯᠠᠯ ᠪᠣᠯᠤᠨ ᠦᠨᠳᠦᠰᠦᠨ ᠱᠠᠲᠤᠨ ᠤ  ᠨᠠᠮ ᠂ ᠡᠬᠡ ᠤᠯᠤᠰ ᠂ ᠠᠷᠠᠳ ᠲᠦᠮᠡᠨ ᠢᠶᠠᠨ ᠮᠠᠭᠲᠠᠨ ᠳᠠᠭᠤᠯᠠᠵᠤ᠂  ᠠᠵᠤ ᠠᠬᠤᠶᠢᠯᠠᠯ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ  ᠪᠥᠯᠬᠦᠮᠳᠡᠯ ᠨᠢᠠᠠᠳᠠᠷᠠᠯ ᠢ  ᠬᠠᠷᠠᠭᠤᠯᠥᠯ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号