ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠣᠳᠠᠭᠠᠨ ᠤ ᠬᠤᠷᠠᠯ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ᠂ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/28
        6 ᠳ᠋ᠤᠭᠠᠷ ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠪᠥᠸᠧ ᠹᠧᠩ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠬᠤᠷᠠᠯ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ᠂ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ  ᠶᠢᠨ ᠬᠤᠷᠠᠯ ᠢ ᠡᠷᠭᠢᠯᠡᠨ ᠬᠤᠷᠠᠯᠳᠣᠭᠤᠯᠵᠦ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ︾ ᠵᠢᠴᠢ ᠳᠡᠭᠡᠳᠦ ᠱᠠᠲᠤᠨ ᠤ ᠬᠠᠮᠢᠶ᠎ᠠ ᠪᠥᠬᠦᠶ ᠬᠤᠷᠠᠯ  ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠠᠬᠢᠴᠠ ᠶᠢᠨ ᠪᠠᠶᠢᠳᠠᠯ  ᠢ ᠮᠡᠳᠡᠭᠳᠡᠨ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠨᠢᠭᠡᠳᠦᠮᠡᠯ ᠹᠷᠣᠨᠲ ᠤᠨ ᠭᠤᠤᠯᠳᠠᠯᠭ᠎ᠠ  ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠬᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠦ᠂ ᠨᠢᠭᠡᠳᠦᠮᠡᠯ ᠹᠷᠣᠨᠲ ᠤᠨ ᠠᠵᠢᠯ ᠤᠨ ᠵᠥᠪ ᠴᠢᠭᠯᠡᠯ ᠢ ᠪᠠᠳᠣ ᠡᠵᠡᠮᠳᠡᠵᠦ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠨᠢᠭᠡᠳᠦᠮᠡᠯ ᠹᠷᠣᠨᠲ ᠤᠨ ᠠᠵᠢᠯ ᠪᠣᠯᠤᠨ ︽ᠬᠤᠶᠠᠷ ᠶᠡᠭᠡ ᠶᠠᠪᠤᠳᠠᠯ︾ ᠢ ᠨᠠᠶᠢᠳᠠᠪᠣᠷᠢᠵᠢᠭᠤᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠪᠠ ᠰᠢᠯᠤᠭᠤᠨ ᠬᠥᠬᠡ ᠬᠤᠰᠢᠭᠤᠨ ᠤ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠦᠷᠭᠦᠯᠵᠢᠯᠡᠨ ᠪᠠᠬᠢᠵᠢᠭᠦᠯᠦᠨ ᠲᠡᠬᠦᠯᠳᠡᠷᠵᠢᠬᠦᠯᠵᠦ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠦᠪᠯᠡᠷᠡᠬᠦᠯᠦᠨ᠂ ᠨᠢᠭᠡᠳᠦᠮᠡᠯ ᠹᠷᠣᠨᠲ ᠤᠨ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠬᠡᠯ᠎ᠡ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠶᠯ ᠤᠨ ᠠᠵᠢᠯ ᠤᠨ ᠭᠤᠤᠯ ᠱᠤᠭᠤᠮ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠨᠠᠷᠢᠯᠢᠭᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠪᠥᠭᠡᠳ ᠪᠣᠳᠠᠲᠠᠶ ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠤᠨ᠂ ᠡᠭᠦᠳᠦᠨ ᠪᠠᠶᠢᠭᠤᠯᠬᠤ ᠬᠠᠷᠠᠯᠲᠠᠲᠤ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠵᠤ᠂ ᠡᠯ᠎ᠡ ᠬᠥᠷᠢᠶᠡᠨ ᠤ ᠠᠵᠢᠯ ᠤᠨ ᠲᠠᠪᠰᠢᠯᠲᠠ ᠶᠢ ᠠᠬᠢᠭᠤᠯᠬᠤ ᠬᠡᠷᠡᠭᠳᠡᠢ ᠬᠡᠵᠡᠢ᠃     ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ  ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ ︵ᠲᠠᠯᠠᠪᠠᠶ︶᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号