ᠰᠢᠯᠤᠭᠤᠨ ᠬᠥᠬᠡ ᠬᠤᠰᠢᠭᠤᠨ ᠤ ︽ᠬᠤᠰᠢᠭᠤᠴᠢ︾ ᠬᠠᠶᠢᠷ᠎ᠠ ᠬᠠᠯᠠᠮᠵᠢ  ᠶᠢᠨ  ᠬᠤᠯᠪᠤᠭᠠᠨ ᠎ ᠤ  ᠪᠤᠶᠠᠨ ᠎ ᠤ  ᠠᠵᠢᠯᠯᠠᠭ᠎ᠠ
ᠨᠡᠶᠢᠲᠡᠯᠡᠭᠰᠡᠨ ᠴᠠᠭ᠄
2024/6/5
    ︽ᠬᠤᠰᠢᠭᠤᠴᠢ︾ ᠬᠠᠶᠢᠷ᠎ᠠ ᠬᠠᠯᠠᠮᠵᠢ ᠶᠢᠨ ᠬᠤᠯᠪᠤᠭ᠎ᠠ ᠨᠢ 2015 ᠣᠨ ᠤ 12 ᠰᠠᠷ᠎ᠠ ᠳᠤ ᠪᠠᠶᠢᠭᠤᠯᠤᠭᠳᠠᠵᠤ᠂ ︽ᠣᠷᠴᠢᠨ ᠠᠬᠤᠢ ᠶᠢ ᠬᠠᠮᠠᠭᠠᠯᠠᠬᠤ᠂  ᠵᠡᠮᠳᠡᠭ ᠪᠠᠭᠤᠷᠠᠶᠢᠴᠤᠤᠯ ᠢ ᠬᠠᠯᠠᠮᠵᠢᠯᠠᠬᠤ᠂ ᠳᠤᠮᠳᠠᠳᠤ ᠎ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠬᠠᠶᠢᠷ᠎ᠠ ᠬᠠᠯᠠᠮᠵᠢ ᠡᠶᠡᠷᠭᠦ ᠡᠨᠧᠷᠭᠢ ᠶᠢ ᠳᠠᠮᠵᠢᠭᠤᠯᠬᠤ︾ ᠎ ᠪᠠᠷ ᠵᠣᠷᠢᠯᠲᠠ ᠪᠣᠯᠭᠠᠭᠰᠠᠨ ᠠᠰᠢᠭ ᠣᠯᠵᠠᠪᠤᠷᠢ ᠶᠢᠨ ᠪᠤᠰᠤ ᠪᠠᠶᠢᠭᠤᠯᠤᠮᠵᠢ ᠪᠣᠯᠤᠨ᠎ᠠ᠃    ᠲᠤᠰ ᠬᠤᠯᠪᠤᠭ᠎ᠠ ᠨᠢ ᠣᠳᠤ 58 ᠭᠡᠰᠢᠭᠦᠨ ᠲᠠᠢ᠂ ᠪᠠᠭᠰᠢ᠂ ᠺᠠᠳ᠋ᠷ ᠠᠵᠢᠯᠲᠠᠨ᠂ ᠬᠤᠪᠢ ᠶᠢᠨ ᠠᠵᠤ ᠠᠬᠤᠶᠢᠯᠠᠯᠲᠠᠨ᠂ ᠮᠠᠯᠴᠢᠨ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠰᠠᠶᠢᠨ  ᠲᠣᠷᠠᠴᠣᠣᠯ ᠢᠶᠠᠷ ᠪᠦᠷᠢᠯᠳᠦᠭᠰᠡᠨ ᠶᠣᠮ ᠃  ᠬᠤᠯᠪᠣᠭ᠎ᠠ ᠨᠢ ᠪᠤᠶᠠᠨ ᠤ ᠠᠵᠢᠯᠯᠠᠭ᠎ᠠ ᠪᠠᠨ ᠡᠬᠢᠯᠡᠬᠦᠯᠦᠭᠰᠡᠨ ᠠᠴᠠ ᠨᠠᠭᠠᠰᠢ᠂ ᠬᠠᠷᠠᠮ ᠦᠭᠡᠢ ᠬᠠᠶᠢᠷ᠎ᠠ᠂ ᠬᠠᠯᠠᠭᠤᠨ ᠰᠡᠳᠭᠢᠯ ᠢᠶᠠᠷ ᠢᠶᠠᠨ ᠣᠯᠠᠨ ᠨᠡᠶᠢᠲᠡ ᠳᠤ ᠡᠶᠡᠷᠭᠦ ᠡᠨᠧᠷᠭᠢ᠂ ᠡᠨᠡᠷᠢᠯ ᠬᠠᠯᠠᠮᠵᠢ ᠶᠢ ᠳᠠᠮᠵᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠮᠠᠭᠲᠠᠭᠠᠯ ᠰᠠᠶᠢᠰᠢᠶᠠᠯ ᠢ ᠬᠦᠷᠲᠡᠭᠰᠡᠨ ᠪᠢᠯᠡ᠃ ᠬᠤᠯᠪᠣᠭᠠᠨ ᠤ ᠪᠥᠬᠦ ᠭᠡᠰᠢᠭᠦᠳ ᠠᠴᠠ ᠰᠢᠯᠤᠭᠤᠨ ᠬᠥᠬᠡ ᠬᠤᠰᠢᠭᠤᠨ ᠤ ᠵᠡᠮᠳᠡᠭ ᠬᠡᠦᠬᠡᠳ ᠤᠨ ᠴᠡᠴᠡᠷᠯᠢᠭ ᠪᠣᠯᠤᠨ ︽ᠨᠠᠬᠢᠶ᠎ᠠ︾ ᠬᠡᠦᠬᠡᠳ ᠤᠨ ᠴᠡᠴᠡᠷᠯᠢᠭ ᠲᠤ ᠪᠤᠳᠠᠭ᠎ᠠ᠂ ᠭᠤᠯᠢᠷ᠂ ᠲᠣᠰᠣ᠂ ᠰᠤᠷᠤᠯᠭ᠎ᠠ ᠠᠮᠢᠳᠤᠷᠠᠯ ᠤᠨ ᠬᠡᠷᠡᠭᠰᠡᠯ ᠬᠠᠨᠳᠢᠪᠯᠡᠭ᠌ᠰᠠᠨ ᠎ ᠨᠢ ᠬᠤᠯᠪᠣᠭ᠎ᠠ ᠪᠠᠶᠢᠭᠤᠯᠤᠭᠳᠠᠭᠰᠠᠨ ᠤ ᠠᠩᠬᠠᠨ ᠤ ᠠᠵᠢᠯᠯᠠᠭ᠎ᠠ ᠪᠠᠨ ᠤᠳᠬ᠎ᠠ ᠲᠡᠭᠦᠯᠳᠡᠷ ᠡᠬᠢᠯᠡᠭᠦᠯᠵᠡᠢ᠃    ᠡᠯᠡᠰᠦᠵᠢᠯ ᠢ ᠪᠦᠲᠦᠮᠵᠢᠲᠡᠶ ᠵᠠᠰᠠᠬᠤ ᠶᠢᠨ ᠲᠤᠯᠠᠳᠠ᠂ ᠬᠤᠯᠪᠣᠭᠠᠨ ᠤ ᠬᠢᠨ 2015 ᠣᠨ ᠤ ᠬᠠᠪᠤᠷ ᠠᠴᠠ ᠡᠬᠢᠯᠡᠨ᠂ ᠪᠣᠱᠣᠣᠳᠠᠢ ᠰᠣᠮᠣᠨ ᠤ ᠵᠠᠷᠤᠳ ᠭᠠᠴᠠᠭᠠᠨ ᠤ 300 ᠮᠥ ᠨᠤᠲᠤᠭ ᠪᠡᠯᠴᠢᠭᠡᠷ ᠢ ᠬᠦᠷᠢᠶᠡᠯᠡᠵᠦ᠂ ᠬᠠᠪᠤᠷ ᠨᠠᠮᠤᠷ ᠬᠤᠶᠠᠷ ᠤᠯᠠᠷᠢᠯ ᠳᠤ 8000 ᠭᠠᠷᠤᠶ ᠰᠠᠭᠤᠷᠢ ᠰᠢᠷ᠎ᠠ ᠪᠤᠷᠭᠠᠰᠤ ᠳᠠᠷᠢᠵᠤ᠂ ᠲᠣᠭᠲᠠᠮᠠᠯ ᠬᠤᠭᠤᠴᠠᠭ᠎ᠠ ᠲᠠᠢ ᠎ ᠪᠠᠷ ᠬᠠᠮᠢᠶᠠᠷᠤᠨ ᠬᠠᠮᠠᠭᠠᠯᠠᠭᠰᠠᠨ ᠢᠶᠠᠷ ᠬᠤᠵᠢᠭᠢᠷ ᠡᠯᠡᠰᠦ ᠶᠢ ᠬᠥᠬᠡ ᠳᠣᠪᠤ ᠪᠣᠯᠭᠠᠨ ᠥᠭᠡᠷᠡᠴᠢᠯᠡᠪᠡ᠃    ᠡᠭᠦᠨ ᠠᠴᠠ ᠭᠠᠳᠠᠨ᠎ᠠ ᠪᠠᠰᠠ ᠪᠥᠬᠦ ᠬᠤᠰᠢᠭᠤᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠣᠪᠣᠭᠠᠨ ᠲᠠᠬᠢᠯᠭ᠎ᠠ ᠶᠢᠨ ᠨᠠᠶᠢᠷ᠂ ᠨᠠᠭᠠᠳᠤᠮ ᠤᠨ ᠶᠡᠭᠡ ᠬᠤᠷᠠᠯ᠂ ᠵᠢᠭᠤᠯᠴᠢᠯᠠᠯ ᠤᠨ ᠭᠠᠵᠠᠷ ᠲᠤ ︽ᠬᠤᠰᠢᠭᠤᠴᠢ︾ ᠭᠡᠰᠢᠭᠦᠳ ᠤᠨ ᠮᠠᠨᠢ ᠪᠠᠷ᠎ᠠ ᠬᠠᠷᠠᠭᠳᠠᠵᠤ ᠯᠡ ᠪᠠᠶᠢᠳᠠᠭ᠂ ᠲᠡᠳᠡ ᠨᠤᠲᠤᠭ ᠤᠰᠤᠨ ᠤ ᠪᠠᠨ ᠠᠷᠢᠭᠤᠨ ᠳᠠᠭᠰᠢᠨ ᠢ ᠬᠠᠮᠠᠭᠠᠯᠠᠬᠤ ᠳᠤ ᠬᠦᠴᠦᠨ ᠢᠶᠠᠨ ᠨᠡᠮᠡᠷᠢᠯᠡᠨ᠂ ᠬᠤᠭ ᠨᠣᠪᠰᠢ ᠲᠡᠭᠦᠬᠦ᠂ ᠤᠬᠠᠭᠤᠯᠭ᠎ᠠ ᠶᠢᠨ ᠫᠠᠶᠢᠰᠠ ᠳᠡᠮᠳᠡᠭ ᠡᠯᠭᠦᠬᠦ ᠵᠡᠷᠭᠡ ᠰᠠᠶᠢᠨ ᠳᠤᠷ᠎ᠠ ᠶᠢᠨ ᠠᠵᠢᠯᠯᠠᠭ᠎ᠠ ᠶᠢ ᠬᠢᠭᠰᠡᠭᠡᠷ ᠪᠠᠶᠢᠭ᠎ᠠ ᠪᠥᠭᠡᠳ ᠪᠠᠶᠢᠭᠠᠯᠢ ᠣᠷᠴᠢᠨ ᠤ ᠬᠠᠮᠠᠭᠠᠯᠠᠯᠲᠠ ᠶᠢᠨ ᠲᠤᠬᠠᠢ ᠪᠠᠶᠢᠩᠭᠤ ᠤᠬᠠᠭᠤᠯᠤᠭᠰᠠᠭᠠᠷ ᠪᠠᠶᠢᠨ᠎ᠠ᠃    ᠪᠣᠯᠪᠠᠰᠤᠨ ᠪᠤᠰᠤ ᠶᠣᠰᠤ ᠵᠠᠩᠰᠢᠯ ᠢ ᠬᠠᠯᠠᠨ᠂ ᠣᠪᠤᠭᠠᠨ ᠳᠠᠬᠢᠯᠭ᠎ᠠ᠂ ᠡᠷᠭᠦᠴᠡ ᠪᠠᠷᠢᠴᠠ ᠶᠢᠨ ᠠᠩᠬᠠᠷᠬᠤ ᠵᠦᠢᠯᠡᠰ ᠢ ᠣᠯᠠᠨ ᠳᠤ ᠲᠠᠨᠢᠯᠴᠠᠭᠤᠯᠤᠨ᠂ ᠤᠯᠠᠮᠵᠢᠯᠠᠯᠲᠤ ᠰᠣᠶᠣᠯ ᠤᠨ ᠲᠦᠭᠡᠮᠡᠯᠵᠢᠯ᠂ ᠪᠠᠶᠢᠭᠠᠯᠢ ᠣᠷᠴᠢᠨ ᠤ ᠬᠠᠮᠠᠭᠠᠯᠠᠯᠲᠠ ᠳᠤ ᠡᠶᠡᠷᠬᠦ ᠦᠶᠯᠡᠳᠦᠯ ᠦᠵᠡᠭᠦᠯᠵᠡᠢ᠃ ᠡᠭᠦᠨ ᠤ ᠳᠠᠭᠠᠤ ᠲᠡᠳᠡ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠵᠦ᠂ ᠬᠡᠦᠬᠡᠳ ᠤᠳ ᠲᠤ ᠪᠠᠶᠢᠭᠠᠯᠢ ᠣᠷᠴᠢᠨ ᠤ ᠬᠠᠮᠠᠭᠠᠯᠠᠯᠲᠠ᠂ ᠠᠷᠪᠢᠴᠢ ᠭᠠᠮᠲᠠᠢ ᠠᠮᠢᠳᠤᠷᠠᠯ ᠤᠨ ᠳᠠᠳᠬᠠᠯ ᠤᠨ ᠲᠤᠬᠠᠢ ᠬᠦᠮᠦᠵᠢᠯ ᠬᠦᠷᠲᠡᠭᠡᠳᠡᠭ ᠪᠥᠭᠡᠳ ᠴᠡᠪᠡᠷᠯᠡᠭᠡ ᠶᠢᠨ ᠠᠵᠢᠯᠴᠢᠳ ᠢ ᠴᠤ ᠪᠠᠶᠢᠩᠭᠤ ᠬᠠᠪᠰᠤᠷᠤᠨ ᠵᠡᠭᠡᠯᠢ ᠭᠤᠳᠤᠮᠵᠢ ᠴᠡᠪᠡᠷᠯᠡᠵᠦ᠂ ᠲᠡᠳᠡᠨ ᠤ ᠠᠵᠢᠯ ᠤᠨ ᠳᠠᠷᠤᠯᠲᠠ ᠶᠢ ᠴᠢᠳᠠᠯ ᠤᠨ ᠬᠢᠷᠢ ᠪᠠᠷ ᠢᠶᠠᠨ ᠬᠥᠩᠭᠡᠷᠡᠭᠦᠯᠳᠡᠭ᠃ ᠲᠡᠳᠡ ᠦᠷᠭᠦᠯᠵᠢ ᠨᠠᠰᠤᠲᠠᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠤᠨ ᠦᠰᠦ ᠭᠡᠵᠢᠭᠡ ᠶᠢ ᠨᠢ ᠶᠠᠩᠵᠤᠯᠠᠨ᠂ ᠭᠡᠷ ᠣᠷᠣᠨ ᠢ ᠨᠢ ᠴᠡᠪᠡᠷᠯᠡᠨ᠂ ᠠᠮᠲᠠ ᠰᠢᠮᠲᠡ ᠲᠠᠢ ᠬᠤᠭᠤᠯᠠ ᠨᠣᠭᠤᠭ᠎ᠠ ᠦᠢᠷᠠᠳᠤᠭᠤᠯᠤᠨ ᠭᠡᠷ ᠪᠦᠯᠢ ᠶᠢᠨ ᠬᠠᠯᠠᠭᠤᠨ ᠳᠤᠯᠠᠭᠠᠨ ᠢ ᠳᠡᠲᠡᠨ ᠳᠤ ᠣᠯᠭᠤᠬᠤ ᠪᠠᠷ ᠴᠢᠷᠮᠠᠶᠢᠳᠠᠭ᠃ ᠲᠡᠳᠡ ᠪᠤᠶᠠᠨᠰᠠᠭ ᠦᠢᠯᠡ᠂ ᠪᠤᠷᠬᠠᠨ ᠰᠡᠳᠭᠢᠯ ᠢᠶᠠᠷ ᠢᠶᠠᠨ ᠶᠠᠳᠠᠭᠤ ᠪᠠᠭᠤᠷᠠᠢ᠂ ᠬᠦᠭᠰᠢᠳ ᠨᠠᠰᠤᠲᠠᠳ ᠢ ᠳᠡᠮᠵᠢᠵᠦ᠂ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢ ᠬᠠᠶᠢᠷ᠎ᠠ᠂ ᠬᠠᠯᠠᠭᠤᠨ ᠬᠦᠷᠢᠶᠡᠯᠡᠯ ᠢ ᠣᠯᠪᠠ᠃    ᠬᠦᠴᠢᠷ ᠲᠠᠢ ᠨᠢᠭᠡ ᠶᠢ ᠪᠠᠨ ᠲᠤᠰᠠᠯᠠᠵᠤ᠂ ᠬᠦᠨᠳᠦᠷᠡᠯ ᠲᠠᠢ ᠨᠢᠭᠡ ᠶᠢ ᠪᠠᠨ ᠳᠡᠮᠵᠢᠬᠦ ᠶᠢᠨ ᠲᠤᠯᠠᠳᠠ ᠲᠡᠳᠡ ᠭᠤᠷᠪᠠ ᠤᠳᠠᠭᠠᠨ ᠤ ᠵᠣᠭᠤᠰ ᠬᠠᠨᠳᠢᠪᠯᠠᠬᠤ ᠠᠵᠢᠯᠯᠠᠭ᠎ᠠ ᠵᠣᠬᠢᠶᠠᠨ ᠪᠠᠶᠢᠭᠤᠯᠵᠤ᠂ ᠰᠢᠭᠡᠰᠦᠨ ᠬᠤᠤᠷᠳᠠᠯ ᠳᠤ ᠨᠡᠷᠪᠡᠭᠳᠡᠭᠰᠡᠨ ᠣᠶᠤᠲᠠᠨ ᠳᠤ 53162 ᠲᠥᠭᠦᠷᠢᠭ ᠤᠨ ᠬᠠᠨᠳᠢᠪ ᠤᠨ ᠮᠥᠩᠭᠦ᠂ ᠴᠢᠰᠤᠨ ᠤ ᠬᠤᠣᠷᠲᠤ ᠬᠠᠪᠤᠳᠠᠷ ᠣᠯᠤᠭᠰᠠᠨ ᠠᠩᠬ᠎ᠠ ᠳᠤᠮᠳᠠᠳᠤ ᠶᠢᠨ ᠰᠤᠷᠤᠭᠴᠢ ᠳᠤ 25000 ᠭᠠᠷᠤᠶ ᠲᠥᠭᠦᠷᠢᠭ ᠤᠨ ᠬᠠᠨᠳᠢᠪ ᠤᠨ ᠮᠥᠩᠭᠦ᠂ ᠬᠦᠨᠳᠦ ᠰᠢᠷᠬᠠᠲᠤᠭᠰᠠᠨ ᠰᠢᠵᠢᠷ ᠲᠤ 25000 ᠭᠠᠷᠤᠶ ᠲᠥᠭᠦᠷᠢᠭ ᠤᠨ ᠬᠠᠨᠳᠢᠪ ᠤᠨ ᠮᠥᠩᠭᠦ ᠶᠢ ᠣᠯᠭᠤᠵᠣ ᠥᠭᠭᠦᠭᠰᠡᠨ ᠪᠠᠶᠢᠨ᠎ᠠ᠃     ☆2016 ᠣᠨ ᠤ 3 ᠰᠠᠷ᠎ᠠ ᠶᠢᠨ 1᠎ ᠤ ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠬᠤᠯᠪᠣᠭᠠᠨ ᠤ ᠭᠡᠰᠢᠭᠦᠳ ᠨᠢ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠳᠤ ᠬᠦᠷᠴᠦ ᠰᠤᠷᠤᠭᠴᠢᠳ ᠲᠠᠢ ᠬᠠᠮᠲᠤ ᠵᠢᠭᠠᠨ ᠰᠤᠷᠭᠠᠯᠲᠠ ᠶᠢᠨ ᠠᠰᠠᠷ ᠪᠣᠯᠣᠨ ᠲᠠᠮᠢᠷ ᠤᠨ ᠲᠠᠯᠠᠪᠤᠷ ᠲᠠᠬᠢ ᠬᠤᠷᠠᠭᠰᠠᠨ ᠴᠠᠰᠤ ᠶᠢ ᠴᠡᠪᠡᠷᠯᠡᠵᠦ ᠪᠠᠭᠰᠢ ᠰᠤᠷᠤᠭᠴᠢᠳ ᠲᠤ ᠲᠥᠬᠦᠮ ᠦᠵᠡᠭᠦᠯᠪᠡ᠃    ☆3 ᠰᠠᠷ᠎ᠠ ᠶᠢᠨ 4᠎ ᠤ ᠡᠳᠦᠷ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠠᠯᠪᠠᠨ ᠬᠡᠷ᠂ ᠡᠪᠯᠡᠯ ᠤᠨ ᠬᠤᠷᠢᠶ᠎ᠠ ᠠᠴᠠ ᠭᠤᠤᠯᠯᠠᠨ ᠡᠷᠭᠢᠯᠡᠭᠰᠡᠨ 2016 ᠣᠨ ᠤ ᠰᠢᠯᠤᠭᠤᠨ ᠬᠥᠬᠡ ᠬᠤᠰᠢᠭᠤᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠵᠠᠮ ᠬᠠᠷᠢᠯᠴᠠᠭᠠᠨ ᠤ ᠴᠠᠭᠳᠠᠭ᠎ᠠ ᠨᠠᠷ ᠲᠠᠢ ᠬᠠᠮᠲᠤ ᠵᠠᠮ ᠬᠠᠷᠢᠯᠴᠠᠭ᠎ᠠ ᠶᠢ ᠵᠢᠯᠣᠭᠤᠳᠴᠤ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠪᠠ᠃    ☆2016 ᠣᠨ ᠤ 5 ᠰᠠᠷ᠎ᠠ ᠶᠢᠨ 8᠎ ᠤ ᠡᠳᠦᠷ ᠰᠢᠯᠤᠭᠤᠨ ᠬᠦᠬᠡ ᠬᠤᠰᠢᠭᠤᠨ ᠤ ᠤᠯᠠᠭᠠᠨ ᠵᠠᠭᠠᠯᠮᠠᠶᠢᠳᠠᠨ ᠎ ᠤ ᠨᠡᠶᠢᠭᠡᠮᠯᠢᠭ ᠤᠨ ᠰᠠᠶᠢᠨ ᠳᠤᠷ᠎ᠠ ᠶᠢᠨ ᠠᠩᠬᠢ ᠳᠤ ᠣᠷᠣᠯᠴᠠᠵᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯᠯᠠᠭ᠎ᠠ ᠪᠣᠯᠤᠨ ᠰᠠᠶᠢᠨ ᠲᠤᠷᠠᠴᠤᠳ ᠤᠨ ᠠᠪᠤᠷᠠᠨ ᠲᠤᠰᠠᠯᠠᠬᠤ ᠪᠣᠯᠪᠠᠰᠤᠷᠠᠯ ᠳᠤ ᠣᠷᠣᠯᠴᠠᠵᠠᠢ᠃    ☆2015 ᠣᠨ ᠳᠤ ᠰᠢᠯᠤᠭᠤᠨ ᠬᠥᠬᠡ ᠬᠤᠰᠢᠭᠤᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠢᠷᠠᠭᠤ ᠠᠯᠳᠠᠷ ᠢ ᠭᠥᠷᠳᠡᠵᠦ᠂ 2016 ᠣᠨ ᠤ 3 ᠰᠠᠷ᠎ᠠ ᠳᠤ ᠰᠢᠯᠤᠭᠤᠨ ᠬᠥᠬᠡ ᠬᠤᠰᠢᠭᠤᠨ ᠤ ᠲᠡᠷᠢᠭᠦᠨ ᠤ ᠦᠶᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠭᠰᠠᠨ ᠪᠥᠭᠡᠳ ᠮᠡᠳᠡᠭᠦᠯᠦᠯᠲᠡ ᠬᠢᠵᠡᠶ᠃ ᠬᠤᠯᠪᠣᠭ᠎ᠠ ᠨᠢ ᠡᠯ᠎ᠡ ᠵᠠᠭᠤᠴᠢᠯᠠᠭᠤᠷ ᠤᠨ ᠰᠤᠷᠪᠤᠯᠵᠢᠯᠠᠭ᠎ᠠ ᠪᠠ ᠮᠡᠳᠡᠭᠡᠯᠡᠯ ᠢ ᠣᠯᠠᠨᠲᠠ ᠭᠥᠯᠢᠶᠡᠨ ᠠᠪᠴᠤ᠂ ᠥᠪᠥᠷ ᠮᠣᠩᠭᠤᠯ ᠤᠨ ᠲᠧᠯᠸᠢᠰ ᠬᠤᠷᠢᠶᠠᠨ ᠤ ᠮᠣᠩᠭᠤᠯ ᠣᠳᠣᠨ ᠲᠧᠯᠸᠢᠰ ᠤᠨ        ︽ᠬᠠᠶᠢᠷ᠎ᠠ ᠶᠢᠨ ᠬᠡᠯᠬᠢᠶ᠎ᠡ︾ ᠳᠡᠯᠭᠡᠴᠡ ᠪᠠ ᠰᠢᠯᠤᠭᠤᠨ ᠬᠥᠬᠡ ᠬᠤᠰᠢᠭᠤᠨ ᠤ ᠲᠧᠯᠸᠢᠰ ᠬᠤᠷᠢᠶᠠᠨ ᠤ ︽ᠮᠥᠩᠭᠡ ᠰᠢᠷᠭᠠᠯᠳᠤᠬᠤ ᠬᠤᠯᠠᠨ ᠰᠢᠷᠭ᠎ᠠ︾ ᠫᠷᠤᠭ᠍ᠷᠠᠮ ᠳᠤ ᠲᠤᠰᠬᠠᠶ ᠰᠡᠳᠦᠪᠲᠦ ᠹᠢᠯᠢᠮ ᠢᠶᠠᠷ ᠭᠠᠷᠴᠤ᠂ ᠥᠷᠭᠡᠨ ᠣᠯᠠᠨ ᠤ ᠰᠠᠶᠢᠨ ᠦᠨᠡᠯᠡᠯᠲᠡ ᠶᠢ ᠣᠯᠵᠤ᠂ ᠠᠯᠢ ᠣᠯᠠᠨ ᠤᠬᠠᠭᠤᠯᠭ᠎ᠠ ᠶᠢᠨ ᠠᠵᠢᠯᠯᠠᠭ᠎ᠠ ᠪᠠᠷ ᠢᠶᠠᠨ ᠨᠠᠩ ᠣᠯᠠᠨ ᠬᠠᠯᠠᠭᠤᠨ ᠰᠡᠳᠬᠢᠯᠲᠦ ᠬᠥᠮᠦᠰ ᠢ ᠤᠷᠢᠶᠠᠯᠠᠨ ᠳᠠᠶᠢᠴᠢᠯᠠᠵᠤ ᠪᠤᠶᠠᠨ ᠤ ᠦᠶᠯᠡᠰ ᠲᠤ ᠣᠷᠣᠯᠴᠠᠭᠤᠯᠵᠠᠢ᠃    ☆2017 ᠣᠨ ᠤ 10 ᠰᠠᠷ᠎ᠠ ᠶᠢᠨ 21᠎ ᠤ ᠡᠳᠦᠷ᠂ ᠪᠤᠱᠤᠤᠳᠠᠢ ᠰᠣᠮᠣᠨ ᠤ ᠵᠠᠷᠤᠳ ᠭᠠᠴᠠᠭᠠᠨ ᠤ ᠨᠣᠭᠤᠭᠠᠷᠠᠭᠤᠯᠤᠯᠲᠠ ᠶᠢᠨ ᠰᠠᠭᠤᠷᠢᠨ ᠳᠤ 5500 ᠭᠠᠷᠦᠢ ᠰᠢᠷ᠎ᠠ ᠪᠤᠷᠭᠠᠰᠤ ᠲᠠᠷᠢᠪᠠ᠃ ᠭᠤᠷᠪᠠᠨ ᠵᠢᠯ ᠤᠨ ᠲᠤᠷᠰᠢ ᠨᠡᠶᠢᠲᠡ 20000 ᠭᠠᠷᠦᠢ ᠰᠠᠭᠤᠷᠢ ᠪᠤᠷᠭᠠᠰᠤ᠂ 100 ᠭᠠᠷᠤᠶ ᠬᠠᠶᠢᠯᠠᠰᠤᠨ ᠮᠣᠳᠣ ᠪᠠ ᠡᠪᠡᠰᠦᠨ ᠦᠷ᠎ᠡ ᠲᠠᠷᠢᠪᠠ᠃    ☆2017 ᠣᠨ ᠤ 12 ᠰᠠᠷ᠎ᠠ ᠶᠢᠨ 12᠎ ᠤᠨ ᠡᠳᠦᠷ ᠰᠢᠯᠤᠭᠤᠨ ᠬᠥᠬᠡ ᠬᠤᠰᠢᠭᠤᠨ ᠤ ᠮᠠᠯᠤᠷᠲᠤ ᠶᠢᠨ ᠰᠦᠮ᠎ᠡ ᠳᠤ ᠬᠦᠷᠴᠦ  ᠵᠤᠯᠠ ᠶᠢᠨ ᠪᠠᠶᠠᠷ ᠤᠨ ᠡᠮᠬᠢ ᠵᠢᠷᠤᠮ ᠢ ᠪᠠᠲᠤᠯᠠᠨ᠂ ᠰᠦᠮ᠎ᠡ ᠶᠢᠨ ᠳᠣᠲᠣᠨ᠎ᠠ ᠭᠠᠳᠠᠨᠠᠬᠢ ᠬᠤᠭ ᠨᠣᠪᠰᠢ ᠶᠢ ᠴᠡᠪᠡᠷᠯᠡᠨ ᠠᠷᠢᠯᠭᠠᠵᠤ᠂ ᠮᠥᠷᠭᠦᠯ ᠬᠢᠬᠦ ᠬᠥᠮᠦᠰ ᠲᠤ ᠰᠠᠶᠢᠨ ᠰᠠᠶᠢᠬᠠᠨ ᠣᠷᠴᠢᠨ ᠨᠥᠭᠦᠴᠡᠯ ᠢ ᠬᠠᠩᠭᠠᠵᠤ ᠥᠭᠭᠦᠭᠰᠡᠨ ᠪᠠᠶᠢᠨ᠎ᠠ᠃    ☆2017 ᠣᠨ ᠤ 12 ᠰᠠᠷ᠎ᠠ ᠶᠢᠨ 11 - 12᠎ ᠤᠨ ᠡᠳᠦᠷ ᠪᠣᠯᠲᠠᠯ᠎ᠠ  ᠬᠤᠯᠪᠣᠭᠠᠨ ᠤ ᠲᠥᠯᠥᠭᠡᠯᠡᠭᠴᠢᠳ ᠎ ᠨᠢ ᠪᠥᠬᠦ ᠠᠶᠢᠮᠠᠭ ᠤᠨ ᠵᠣᠬᠢᠶᠠᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠪᠣᠯᠪᠠᠰᠤᠷᠠᠯ ᠳᠤ ᠣᠷᠣᠯᠴᠠᠭᠰᠠᠨ ᠪᠥᠭᠡᠳ ︽ᠣᠯᠠᠨ ᠲᠦᠮᠡᠨ ᠳᠤ ᠬᠠᠮᠤᠭ ᠠᠴᠠ ᠳᠠᠭᠠᠰᠢᠶᠠᠭᠳᠠᠭᠰᠠᠨ ᠵᠣᠬᠢᠶᠠᠨ ᠪᠠᠢᠭᠤᠯᠤᠯᠲᠠ︾᠎ ᠪᠠᠷ ᠦᠨᠡᠯᠡᠭᠳᠡᠪᠡ᠃    ☆2018 ᠣᠨ ᠤ 1 ᠰᠠᠷ᠎ᠠ ᠶᠢᠨ 15᠎ ᠤ ᠡᠳᠦᠷ ᠤᠨ ᠭᠤᠷᠪᠠᠳᠤᠭᠠᠷ ᠤᠳᠠᠭᠠᠨ ᠤ ︽ᠰᠢᠯᠤᠭᠤᠨ ᠬᠥᠬᠡ ᠬᠤᠰᠢᠭᠤᠨ ᠤ ᠲᠡᠷᠢᠭᠦᠨ ᠤ ᠵᠢᠱᠢᠶᠡᠴᠢ ᠶᠢᠨ ᠮᠡᠳᠡᠭᠦᠯᠦᠯᠲᠡ ᠶᠢᠨ ᠬᠤᠷᠠᠯ︾ ᠳᠡᠭᠡᠷ᠎ᠡ ᠰᠢᠯᠢᠳᠡᠭ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠᠷ ᠦᠨᠡᠯᠡᠭᠳᠡᠭᠰᠡᠨ ᠪᠥᠭᠡᠳ ᠱᠠᠩᠨᠠᠯ ᠭᠥᠷᠳᠡᠪᠡ᠃    ☆2018 ᠣᠨ ᠤ 3 ᠰᠠᠷ᠎ᠠ ᠶᠢᠨ 4᠎ ᠤ ︽ᠯᠧᠢ ᠹᠧᠩ ᠠᠴᠠ ᠰᠤᠷᠤᠯᠴᠠᠬᠤ ᠡᠳᠦᠷ︾ ᠬᠦᠷᠴᠦ ᠢᠷᠡᠬᠦ ᠲᠠᠰᠢᠷᠠᠮ ᠢᠶᠠᠷ ᠭᠡᠰᠢᠭᠦᠳ ᠨᠢ ᠬᠤᠰᠢᠭᠤ ᠠᠷᠠᠳ ᠤᠨ ᠶᠠᠪᠤᠳᠠᠯ ᠤᠨ ᠲᠣᠪᠴᠢᠶᠠᠨ ᠤ  ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ ᠲᠡᠨᠳᠡᠬᠢ ᠨᠠᠰᠤᠲᠠᠨ ᠢ ᠲᠣᠬᠤᠨᠢᠭᠤᠯᠪᠠ᠃    ☆4 ᠰᠠᠷ᠎ᠠ ᠶᠢᠨ 22᠎ ᠤᠨ ᠡᠳᠦᠷ᠂ ᠨᠣᠭᠤᠭᠠᠷᠠᠭᠤᠯᠤᠯᠲᠠ ᠶᠢᠨ ᠰᠠᠭᠤᠷᠢᠨ ᠳᠤ ᠬᠦᠷᠴᠦ᠂ 4000 ᠭᠠᠷᠤᠶ ᠰᠢᠷ᠎ᠠ ᠪᠤᠷᠭᠠᠰᠤ ᠲᠠᠷᠢᠪᠠ᠃    ☆5 ᠰᠠᠷ᠎ᠠ ᠶᠢᠨ 29᠎ ᠤ ᠡᠳᠦᠷ᠂ ᠪᠣᠰᠣᠳ ᠬᠤᠶᠠᠷ ᠠᠷᠠᠳ ᠤᠨ ᠲᠥᠯᠥᠭᠡᠯᠡᠭᠴᠢ ᠲᠠᠢ ᠬᠠᠮᠲᠤᠷᠠᠨ᠂ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠪᠠ ᠬᠤᠶᠠᠳᠤᠭᠠᠷ ᠪᠠᠭ᠎ᠠ ᠰᠤᠷᠭᠠᠭᠤᠯᠢ ᠶᠢᠨ 40 ᠶᠠᠳᠠᠭᠤ ᠬᠦᠴᠢᠷᠳᠡᠯᠲᠡᠶ ᠰᠣᠷᠣᠭᠴᠢ ᠶᠢ ᠲᠤᠰᠠᠯᠠᠵᠤ᠂ ᠲᠦᠮᠡᠨ ᠲᠥᠭᠦᠷᠢᠭ ᠤᠨ ᠥᠷᠲᠡᠭ ᠪᠥᠬᠦᠶ ᠰᠤᠷᠤᠯᠭ᠎ᠠ ᠶᠢᠨ ᠬᠡᠷᠡᠭᠰᠡᠯ ᠬᠠᠨᠳᠢᠪᠯᠠᠪᠠ᠃    ☆9 ᠰᠠᠷ᠎ᠠ ᠶᠢᠨ 9᠎ ᠤ ᠡᠳᠦᠷ ᠶᠤᠸᠠᠨ ᠤ ᠳᠡᠭᠡᠳᠦ ᠨᠡᠶᠢᠰᠯᠡᠯ ᠤᠨ ︽ᠭᠦᠶᠦᠭᠴᠢ︾ ᠨᠡᠷᠡᠮᠵᠢᠲᠦ ᠬᠤᠯᠠ ᠭᠦᠶᠦᠯᠲᠡ ᠶᠢᠨ ᠤᠷᠤᠯᠳᠤᠭᠠᠨ ᠤ ᠰᠢᠷᠢᠰ ᠠᠵᠢᠯᠯᠠᠭ᠎ᠠ ᠪᠣᠯᠬᠤ 4 ᠺᠢᠯᠣᠮᠧᠲᠷ ᠶᠠᠪᠠᠭᠠᠨ ᠠᠯᠬᠤᠬᠤ ᠬᠦᠳᠡᠯᠭᠡᠭᠡᠨ ᠳᠤ ᠣᠷᠤᠯᠴᠠᠵᠠᠢ᠃    ☆9 ᠰᠠᠷ᠎ᠠ ᠶᠢᠨ 15᠎ ᠤ ᠡᠳᠦᠷ᠂ ᠪᠥᠬᠦ ᠣᠷᠣᠨ ᠤ ᠳᠡᠯᠡᠬᠡᠶ ᠶᠢᠨ ᠠᠷᠢᠭᠤᠨ ᠴᠡᠪᠡᠷ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠬᠤᠰᠢᠭᠤᠨ ᠤ ᠭᠤᠤᠯᠳᠠᠯᠭ᠎ᠠ ᠲᠠᠢ ᠵᠢᠭᠤᠯᠴᠢᠯᠠᠯ ᠤᠨ ᠣᠷᠣᠨ ᠪᠠ ᠵᠠᠮ ᠤᠨ ᠬᠦᠪᠡᠭᠡ ᠵᠠᠬ᠎ᠠ ᠶᠢᠨ ᠬᠤᠭ ᠨᠣᠪᠰᠢ ᠶᠢ ᠲᠡᠭᠦᠪᠡ᠃     ☆9 ᠰᠠᠷ᠎ᠠ ᠶᠢᠨ 25᠎ ᠤ ᠡᠳᠦᠷ᠂ ᠬᠤᠶᠠᠷ ᠠᠵᠤ ᠠᠬᠤᠶᠢᠯᠠᠯ ᠲᠠᠢ ᠬᠠᠮᠲᠤᠷᠠᠨ ᠠᠮᠢᠳᠤᠷᠠᠯ ᠨᠢ ᠬᠦᠴᠢᠷᠲᠡᠶ 60 ᠰᠤᠷᠤᠭᠴᠢ ᠳᠤ 12000 ᠲᠥᠭᠦᠷᠢᠭ ᠤᠨ ᠬᠠᠨᠳᠢᠪ ᠡᠷᠭᠦᠪᠡ᠃    ☆10 ᠰᠠᠷ᠎ᠠ ᠶᠢᠨ 27᠎ ᠤ ᠡᠳᠦᠷ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠶᠢᠨ ᠳᠥᠷᠪᠡ᠂ ᠲᠠᠪᠤ ᠠᠩᠭᠢ ᠎ ᠶᠢᠨ ᠰᠤᠷᠤᠭᠴᠢᠳ ᠲᠠᠢ ᠬᠠᠮᠲᠤ 6500 ᠭᠠᠷᠤᠶ ᠰᠠᠭᠤᠷᠢ ᠰᠢᠷ᠎ᠠ ᠪᠤᠷᠭᠠᠰᠤ ᠲᠠᠷᠢᠪᠠ᠃    ☆2019 ᠣᠨ ᠤ 1 ᠰᠠᠷ᠎ᠠ ᠶᠢᠨ 1᠎ ᠤ ᠡᠳᠦᠷ᠂ ᠱᠠᠩᠳᠤ ᠪᠠᠯᠭᠠᠰᠤᠨ ᠤ ᠵᠡᠭᠡᠯᠢ ᠭᠤᠳᠤᠮᠵᠢ ᠶᠢᠨ ᠴᠡᠪᠡᠷᠯᠡᠭᠡ ᠶᠢᠨ ᠠᠵᠢᠯᠲᠠᠳ ᠢ ᠲᠣᠬᠤᠨᠢᠭᠤᠯᠵᠤ᠂ ᠲᠡᠳᠡᠨ ᠳᠤ ᠰᠢᠨ᠎ᠡ ᠵᠢᠯ ᠤᠨ ᠮᠡᠨᠳᠦᠴᠢᠯᠡᠯ ᠬᠦᠷᠭᠡᠨ ᠭᠠᠷ ᠪᠡᠯᠡᠭ ᠭᠠᠷᠳᠠᠭᠤᠯᠪᠠ᠃    ☆4 ᠰᠠᠷ᠎ᠠ ᠶᠢᠨ 20᠎ ᠤ ᠡᠳᠦᠷ᠂ ᠰᠠᠩ ᠤᠨ ᠲᠡᠯᠡᠶ ᠪᠠᠯᠭᠠᠰᠤᠨ ᠤ ᠰᠤᠷᠭᠠᠭᠤᠯᠢ ᠶᠢᠨ ᠡᠮᠦᠨ᠎ᠡ ᠲᠠᠯ᠎ᠠ ᠶᠢᠨ ᠡᠯᠡᠰᠦᠷᠬᠡᠭ ᠭᠠᠵᠠᠷ ᠲᠤ 5000 ᠭᠠᠷᠤᠶ ᠰᠢᠷ᠎ᠠ ᠪᠤᠷᠭᠠᠰᠤ ᠳᠠᠷᠢᠪᠠ᠃    ☆2021 ᠣᠨ ᠤ 6 ᠰᠠᠷ᠎ᠠ ᠶᠢᠨ 18᠎ ᠤ ᠡᠳᠦᠷ᠂  ᠬᠤᠯᠪᠣᠭᠠᠨ ᠤ ᠭᠡᠰᠢᠭᠦᠳ ᠢᠶᠠᠨ ᠵᠣᠬᠢᠶᠠᠨ ᠪᠠᠶᠢᠭᠤᠯᠵᠤ ︽ᠣᠯᠠᠨ ᠲᠦᠮᠡᠨ ᠳᠤ ᠪᠤᠳᠠᠲᠠᠢ ᠦᠢᠯᠡᠴᠢᠯᠡᠬᠦ︾᠂ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ᠂ ᠠᠵᠢᠲᠠᠶ ᠡᠷᠡᠭᠦᠯᠵᠢᠯ ᠰᠤᠪᠢᠯᠠᠯᠲᠠ ᠶᠢᠨ ᠲᠥᠪ ᠤᠨ ︿ᠪᠢ ᠲᠠᠨ ᠳᠤ ᠲᠤᠰᠠᠯᠠᠶ᠎ᠠ﹀ ᠭᠡᠬᠦ ᠲᠣᠮᠣ ᠬᠡᠯᠪᠡᠷᠢ ᠎ ᠶᠢᠨ ᠡᠮᠴᠢᠯᠡᠭᠡᠨ ᠤ ᠲᠠᠶᠢᠯᠤᠮᠵᠢ ᠶᠢᠨ ᠠᠵᠢᠯᠯᠠᠭ᠎ᠠ ᠳᠤ ᠣᠷᠣᠯᠴᠠᠪᠠ᠃    ☆2022 ᠣᠨ ᠤ 3 ᠰᠠᠷ᠎ᠠ ᠶᠢᠨ 26᠎ ᠤ ᠡᠳᠦᠷ ᠱᠠᠩᠳᠤ ᠪᠠᠯᠭᠠᠰᠤᠨ ᠤ ᠴᠡᠩᠭᠡᠯᠳᠦ ᠭᠠᠴᠠᠭ᠎ᠠ ᠳᠤ ᠬᠦᠷᠴᠦ ᠪᠤᠷᠭᠠᠰᠤ ᠬᠠᠳᠤᠵᠤ ᠬᠤᠷᠢᠶᠠᠪᠠ᠃    ☆2022 ᠣᠨ ᠤ 4 ᠰᠠᠷ᠎ᠠ ᠶᠢᠨ 24᠎ ᠤ ᠡᠳᠦᠷ ᠱᠠᠩᠳᠤ ᠪᠠᠯᠭᠠᠰᠤᠨ ᠤ ᠴᠡᠩᠭᠡᠯᠳᠦ ᠭᠠᠴᠠᠭᠠᠨ ᠳᠤ 3500 ᠭᠠᠷᠤᠶ ᠰᠢᠷ᠎ᠠ ᠪᠤᠷᠭᠠᠰᠤ ᠳᠠᠷᠢᠪᠠ᠃    ☆2023 ᠣᠨ ᠤ 4 ᠰᠠᠷ᠎ᠠ ᠶᠢᠨ 15᠎ ᠤ ᠡᠳᠦᠷ ᠪᠣᠱᠣᠣᠳᠠᠢ ᠰᠣᠮᠣᠨ ᠤ ᠵᠠᠷᠤᠳ ᠭᠠᠴᠠᠭ᠎ᠠ ᠳᠤ ᠬᠦᠷᠴᠦ ᠮᠣᠳᠣ ᠲᠠᠷᠢᠨ᠂ ᠡᠯᠡᠰᠦ ᠶᠢ ᠵᠠᠰᠠᠵᠤ ᠲᠣᠭᠲᠠᠪᠤᠷᠢᠵᠢᠭᠤᠯᠬᠤ ᠳᠤ ᠬᠤᠪᠢ ᠨᠡᠮᠡᠷᠢ ᠦᠵᠡᠭᠦᠯᠪᠡ᠃    ☆ᠰᠢᠯᠤᠭᠤᠨ ᠬᠥᠬᠡ ᠬᠤᠰᠢᠭᠤᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠡᠰᠡᠭ ᠪᠠᠭᠰᠢ ᠰᠤᠷᠤᠭᠴᠢᠳ ᠪᠠ ᠭᠡᠷ ᠤᠨ ᠠᠬᠠᠮᠠᠳ ᠬᠠᠮᠲᠤ ᠪᠠᠷ ᠮᠣᠳᠣ ᠲᠠᠷᠢᠬᠤ ᠠᠵᠢᠯᠯᠠᠭ᠎ᠠ ᠎ ᠳᠤ ᠣᠷᠣᠯᠴᠠᠪᠠ᠃ ᠰᠢᠯᠤᠭᠤᠨ ᠬᠥᠬᠡ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ ᠵᠢᠴᠢ ᠪᠣᠱᠣᠣᠳᠠᠢ ᠰᠣᠮᠣᠨ ᠤ ᠡᠩᠭᠡᠷ ᠭᠠᠴᠠᠭᠠᠨ ᠤ ᠮᠠᠯᠴᠢᠨ ᠲᠡᠭᠦᠰ᠂ ᠮᠠᠨᠳᠤᠯᠲᠤ ᠭᠠᠴᠠᠭᠠᠨ ᠤ ᠮᠠᠯᠴᠢᠨ ᠠᠯᠲᠠᠨᠪᠠᠭᠠᠨ᠎ᠠ ᠲᠣᠰ ᠤᠳᠠᠭᠠᠨ ᠤ ᠠᠵᠢᠯᠯᠠᠭ᠎ᠠ ᠶᠢ ᠬᠦᠴᠦᠲᠡᠶ ᠳᠡᠮᠵᠢᠪᠡ᠃ᠰᠢᠯᠤᠭᠤᠨ ᠬᠦᠬᠡ ᠬᠤᠰᠢᠭᠤᠨ ᠤ ︽ᠬᠤᠰᠢᠭᠤᠴᠢ︾ ᠬᠠᠶᠢᠷ᠎ᠠ ᠬᠠᠯᠠᠮᠵᠢ ᠶᠢᠨ ᠬᠤᠯᠪᠣᠭ᠎ᠠ ᠨᠢ ︽ᠪᠤᠶᠠᠨ ᠤ ᠦᠢᠯᠡᠰ ︾᠎ ᠢᠶᠠᠷ ᠵᠣᠷᠢᠯᠲᠠ ᠪᠣᠯᠭᠠᠵᠤ᠂ ᠨᠣᠲᠤᠭ ᠤᠨ ᠬᠠᠯᠠᠭᠤᠨ ᠰᠡᠳᠬᠢᠯᠲᠦ ᠬᠥᠮᠦᠰ ᠢ ᠵᠣᠬᠢᠶᠠᠨ ᠪᠠᠶᠢᠭᠤᠯᠵᠤ᠂ ᠣᠷᠴᠢᠨ ᠠᠬᠤᠢ ᠶᠢ ᠬᠠᠮᠠᠭᠠᠯᠠᠬᠤ᠂ ᠠᠮᠢ ᠠᠬᠤᠢ ᠶᠢᠨ ᠪᠣᠯᠪᠠᠰᠤᠨ ᠢ ᠤᠬᠠᠭᠤᠯᠬᠤ᠂ ᠨᠣᠭᠤᠭᠠᠷᠠᠭᠤᠯᠤᠯᠲᠠ ᠳᠤ ᠣᠷᠣᠯᠴᠠᠬᠤ᠂ ᠦᠨᠳᠦᠰᠦᠲᠡᠨ ᠤ ᠰᠣᠶᠣᠯ ᠢ ᠪᠠᠳᠠᠷᠠᠭᠤᠯᠬᠤ᠂ ᠪᠠᠭᠤᠷᠠᠶᠢᠴᠤᠤᠯ ᠢ ᠬᠠᠶᠢᠷᠠᠯᠠᠨ ᠬᠠᠯᠠᠮᠵᠢᠯᠠᠬᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠬᠦᠯᠬᠦ᠂ ᠡᠶᠡᠷᠭᠦ ᠡᠨᠧᠷᠭᠢ ᠶᠢ ᠳᠠᠮᠵᠢᠭᠤᠯᠬᠤ ᠵᠡᠷᠭᠡ ᠠᠯᠢ ᠣᠯᠠᠨ ᠪᠤᠶᠠᠨᠰᠠᠭ ᠠᠵᠢᠯᠯᠠᠭ᠎ᠠ ᠪᠠᠷ ᠢᠶᠠᠨ ᠨᠡᠶᠢᠬᠡᠮ ᠨᠡᠶᠢᠲᠡ ᠳᠤ ᠪᠠᠨ ᠬᠠᠶᠢᠷ᠎ᠠ ᠬᠠᠯᠠᠮᠵᠢ ᠪᠠᠨ ᠲᠠᠷᠬᠠᠭᠠᠭᠰᠠᠭᠠᠷ ᠪᠠᠶᠢᠨ᠎ᠠ᠃     ☆2024 ᠣᠨ ᠤ 4 ᠰᠠᠷ᠎ᠠ ᠶᠢᠨ 20᠎ ᠤ ᠡᠳᠦᠷ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠠᠷᠠᠳ ᠢᠶᠠᠷ ᠢᠶᠠᠨ ᠮᠣᠳᠣ ᠲᠠᠷᠢᠬᠤ ᠰᠠᠶᠢᠨ ᠳᠤᠷ᠎ᠠ ᠶᠢᠨ ᠠᠵᠢᠯᠯᠠᠭ᠎ᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠰᠢᠯᠤᠭᠤᠨ ᠬᠦᠬᠡ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠠᠶᠢᠨ ᠳᠤᠷᠠᠴᠢᠳ ᠤᠨ ᠪᠠᠭ ᠵᠢᠴᠢ ᠰᠢᠯᠤᠭᠤᠨ ᠬᠦᠬᠡ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠡᠰᠡᠭ ᠪᠠᠭᠰᠢ ᠰᠤᠷᠤᠭᠴᠢᠳ ᠲᠠᠢ ᠬᠠᠮᠳᠤᠷᠠᠨ ᠪᠤᠱᠤᠤᠳᠠᠢ ᠰᠣᠮᠣᠨ ᠤ ᠵᠠᠷᠤᠳ ᠭᠠᠴᠠᠭ᠎ᠠ ᠳᠤ ᠬᠦᠷᠴᠦ ᠨᠡᠶᠢᠲᠡ 4000  ᠭᠠᠷᠤᠢ ᠰᠢᠷ᠎ᠠ ᠪᠤᠷᠭᠠᠰᠤ ᠲᠠᠷᠢᠵᠤ᠂ ᠨᠤᠲᠤᠭ ᠤᠨ ᠬᠦᠷᠦᠰᠦᠨ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃    ☆2024 ᠣᠨ ᠤ 5 ᠰᠠᠷ᠎ᠠ ᠶᠢᠨ 6᠎ ᠤ ᠡᠳᠦᠷ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠯᠤᠭᠤᠨ ᠬᠥᠬᠡ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠦᠶᠯᠡᠴᠢᠯᠡᠭᠡᠨ ᠤ ᠲᠥᠪ ᠨᠢ ᠪᠣᠱᠣᠣᠳᠠᠢ ᠰᠤᠮᠤ ᠲᠠᠢ ᠬᠤᠯᠪᠣᠭᠠᠯᠠᠨ᠂ ᠰᠢᠯᠤᠭᠤᠨ ᠬᠥᠬᠡ ᠬᠤᠰᠢᠭᠤᠨ ᠤ ᠬᠤᠰᠢᠭᠤᠴᠢ ᠰᠠᠶᠢᠨ ᠲᠣᠷᠠᠴᠣᠣᠯ ᠤᠨ ᠪᠠᠭ᠂ ᠰᠢᠯᠤᠭᠤᠨ ᠬᠥᠬᠡ ᠬᠤᠰᠢᠭᠤᠨ ᠤ ᠨᠤᠲᠤᠭ ᠪᠡᠯᠴᠢᠭᠡᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠲᠤᠷᠠᠴᠤᠳ ᠤᠨ ᠨᠡᠶᠢᠭᠡᠮᠯᠢᠭ ᠢ ᠵᠣᠬᠢᠶᠠᠨ ᠪᠠᠶᠢᠭᠤᠯᠵᠤ ᠮᠣᠳᠣ ᠳᠠᠷᠢᠬᠤ ᠠᠵᠢᠯᠯᠠᠭ᠎ᠠ ᠥᠷᠨᠢᠭᠦᠯᠪᠡ᠃    ᠰᠢᠯᠤᠭᠤᠨ ᠬᠥᠬᠡ ᠬᠤᠰᠢᠭᠤᠨ ᠤ ᠬᠤᠰᠢᠭᠤᠴᠢ ᠬᠠᠶᠢᠷ᠎ᠠ ᠬᠠᠯᠠᠮᠵᠢ ᠵᠢᠨ‌ᠬᠤᠯᠪᠣᠭᠠᠨ ᠤ ᠳᠠᠷᠤᠭ᠎ᠠ ᠡᠷᠳᠡᠨᠢᠪᠢᠯᠢᠭ ᠄ ︽ᠵᠠᠷᠤᠳ ᠭᠠᠴᠠᠭᠠᠨ ᠤ ᠡᠯᠡᠰᠦᠷᠬᠡᠭᠵᠢᠭᠰᠡᠨ ᠬᠡᠮᠵᠢᠶ᠎ᠡ ᠨᠢ ᠨᠡᠯᠢᠶᠡᠳ ᠬᠦᠨᠳᠦᠷᠡᠭᠰᠡᠨ ᠭᠠᠵᠠᠷ ᠳᠡᠭᠡᠷ᠎ᠡ ᠰᠢᠷ᠎ᠠ ᠪᠤᠷᠭᠠᠰᠤ  ᠲᠠᠷᠢᠪᠠ᠃ ᠪᠢᠳᠡ ᠵᠢᠯ ᠪᠦᠷᠢ ᠬᠤᠶᠠᠷ ᠤᠳᠠᠭ᠎ᠠ ᠮᠣᠲᠤ ᠲᠠᠷᠢᠳᠠᠭ᠂ ᠭᠤᠷᠪᠠᠨ ᠵᠢᠯ ᠤᠨ ᠳᠣᠲᠣᠷ᠎ᠠ ᠡᠨᠡ ᠬᠡᠰᠡᠭ ᠨᠤᠲᠤᠭ ᠪᠡᠯᠴᠢᠭᠡᠷ ᠤᠨ ᠤᠤᠯ ᠳᠦᠷᠰᠦ ᠶᠢ ᠰᠡᠷᠭᠦᠭᠡᠬᠦ ᠪᠠᠷ ᠲᠥᠯᠥᠪᠯᠡᠵᠦ  ᠪᠠᠶᠢᠨ᠎ᠠ︾ ᠭᠡᠵᠦ ᠬᠡᠯᠡᠯ᠎ᠡ᠃    ︽ᠮᠢᠩᠭᠠᠨ ᠭᠠᠵᠠᠷ ᠤᠨ ᠠᠶᠠᠨ ᠥᠯᠡᠮᠡᠢ ᠳᠣᠣᠷ᠎ᠠ ᠠᠴᠠ ᠡᠬᠢᠯᠡᠨᠡᠮ︾᠂  ᠬᠤᠯᠪᠣᠭᠠᠨ ᠤ ᠬᠢᠨ ᠵᠠᠷᠤᠳ ᠭᠠᠴᠠᠭᠠᠨ ᠤ  ᠪᠠᠰᠠ ᠨᠢᠭᠡ ᠬᠡᠰᠡᠭ ᠡᠯᠡᠰᠦᠷᠬᠡᠭᠵᠢᠭᠰᠡᠨ ᠪᠡᠯᠴᠢᠭᠡᠷ ᠢ ᠲᠠᠪᠤᠨ ᠵᠢᠯ ᠤᠨ ᠳᠣᠲᠤᠷ᠎ᠠ ᠥᠪᠴᠢ ᠨᠣᠭᠤᠭᠠᠷᠠᠭᠤᠯᠬᠤ ᠪᠠᠷ ᠲᠥᠯᠥᠪᠯᠡᠵᠦ᠂ ᠪᠠᠰᠠ ᠴᠤ ᠨᠠᠩ ᠣᠯᠠᠨ ᠬᠠᠯᠠᠭᠤᠨ ᠰᠡᠳᠬᠢᠯ ᠲᠠᠢ ᠬᠥᠮᠦᠰ ᠪᠠ ᠵᠠᠯᠠᠭᠤᠴᠤᠳ ᠢ ᠵᠣᠬᠢᠶᠠᠨ ᠪᠠᠶᠢᠭᠤᠯᠵᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠶᠯᠡᠰ ᠲᠤ ᠣᠷᠣᠯᠴᠠᠭᠤᠯᠬᠤ᠂ ᠴᠡᠪᠡᠷᠯᠡᠭᠡ ᠶᠢᠨ ᠠᠵᠢᠯᠴᠢᠨ ᠵᠡᠷᠭᠡ ᠪᠠᠭᠤᠷᠠᠶᠢᠴᠤᠤᠯ ᠳᠤ ︽ᠬᠠᠶᠢᠷ᠎ᠠ ᠬᠠᠯᠠᠮᠵᠢ ᠶᠢᠨ ᠥᠷᠲᠡᠭᠡ︾ ᠪᠠᠶᠢᠭᠤᠯᠬᠤ ᠪᠠᠷ ᠴᠢᠷᠮᠠᠶᠢᠵᠤ ᠪᠤᠢ᠃    ︽ᠤᠯᠠᠨ ᠤ ᠬᠦᠴᠦᠨ ᠳᠤ ᠤᠪᠤᠭ᠎ᠠ ᠪᠣᠰᠤᠨ᠎ᠠ︾ ᠭᠡᠳᠡᠭᠴᠢᠯᠡᠨ ︽ᠬᠤᠰᠢᠭᠤᠴᠢ︾  ᠬᠤᠯᠪᠤᠭ᠎ᠠ ᠨᠢ ᠪᠤᠶᠠᠨ ᠤ ᠦᠢᠯᠡᠰ ᠲᠤ ᠦᠷᠭᠦᠯᠵᠢᠯᠡᠨ ᠬᠤᠰᠢᠭᠤᠴᠢᠯᠠᠵᠤ᠂ ᠨᠡᠩ ᠤᠯᠠᠨ ᠪᠠᠭᠤᠷᠠᠶᠢᠴᠤᠤᠯ ᠢ ᠬᠠᠪᠰᠤᠷᠤᠨ ᠳᠡᠮᠵᠢᠵᠤ᠂ ᠡᠶ᠎ᠡ ᠵᠣᠬᠢᠴᠠᠩᠭᠤᠢ ᠨᠡᠶᠢᠭᠡᠮ ᠢ ᠬᠠᠮᠲᠤ ᠪᠠᠷ ᠴᠤᠭᠴᠠᠯᠠᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠠᠮᠲᠤ ᠪᠠᠷ ᠦᠢᠯᠡᠳᠦᠯᠭᠡᠵᠢᠭᠦᠯᠵᠦ᠂ ᠰᠢᠯᠤᠭᠤᠨ ᠬᠦᠬᠡ ᠬᠤᠰᠢᠭᠤᠨ ᠤ ᠪᠠᠨ ᠢᠷᠡᠭᠡᠳᠦᠢ ᠶᠢᠨ ᠰᠠᠶᠢᠨ ᠰᠠᠶᠢᠬᠠᠨ ᠳᠤ ᠪᠠᠯᠠᠷᠠᠰᠢ ᠦᠭᠡᠢ ᠬᠦᠴᠦ ᠨᠡᠮᠡᠷᠢᠯᠡᠬᠦ ᠪᠠᠷ ᠠᠵᠢᠯᠯᠠᠭᠰᠠᠭᠠᠷ ᠁ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号