ᠰᠢᠯᠤᠭᠤᠨ ᠬᠥᠬᠡ ᠬᠤᠰᠢᠭᠤᠨ ᠤ ︽ᠬᠤᠰᠢᠭᠤᠴᠢ︾ ᠬᠠᠶᠢᠷ᠎ᠠ ᠬᠠᠯᠠᠮᠵᠢ  ᠶᠢᠨ  ᠬᠤᠯᠪᠤᠭᠠᠨ  ᠤ  ᠪᠤᠶᠠᠨ  ᠤ  ᠠᠵᠢᠯᠯᠠᠭ᠎ᠠ
ᠨᠡᠶᠢᠲᠡᠯᠡᠭᠰᠡᠨ ᠴᠠᠭ᠄
2024/6/5
    ︽ᠬᠤᠰᠢᠭᠤᠴᠢ︾ ᠬᠠᠶᠢᠷ᠎ᠠ ᠬᠠᠯᠠᠮᠵᠢ ᠶᠢᠨ ᠬᠤᠯᠪᠤᠭ᠎ᠠ ᠨᠢ 2015 ᠣᠨ ᠤ 12 ᠰᠠᠷ᠎ᠠ ᠳᠤ ᠪᠠᠶᠢᠭᠤᠯᠤᠭᠳᠠᠵᠤ᠂ ︽ᠣᠷᠴᠢᠨ ᠠᠬᠤᠢ ᠶᠢ ᠬᠠᠮᠠᠭᠠᠯᠠᠬᠤ᠂  ᠵᠡᠮᠳᠡᠭ ᠪᠠᠭᠤᠷᠠᠶᠢᠴᠤᠤᠯ ᠢ ᠬᠠᠯᠠᠮᠵᠢᠯᠠᠬᠤ᠂ ᠳᠤᠮᠳᠠᠳᠤ  ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠬᠠᠶᠢᠷ᠎ᠠ ᠬᠠᠯᠠᠮᠵᠢ ᠡᠶᠡᠷᠭᠦ ᠡᠨᠧᠷᠭᠢ ᠶᠢ ᠳᠠᠮᠵᠢᠭᠤᠯᠬᠤ︾  ᠪᠠᠷ ᠵᠣᠷᠢᠯᠲᠠ ᠪᠣᠯᠭᠠᠭᠰᠠᠨ ᠠᠰᠢᠭ ᠣᠯᠵᠠᠪᠤᠷᠢ ᠶᠢᠨ ᠪᠤᠰᠤ ᠪᠠᠶᠢᠭᠤᠯᠤᠮᠵᠢ ᠪᠣᠯᠤᠨ᠎ᠠ᠃    ᠲᠤᠰ ᠬᠤᠯᠪᠤᠭ᠎ᠠ ᠨᠢ ᠣᠳᠤ 58 ᠭᠡᠰᠢᠭᠦᠨ ᠲᠠᠢ᠂ ᠪᠠᠭᠰᠢ᠂ ᠺᠠᠳ᠋ᠷ ᠠᠵᠢᠯᠲᠠᠨ᠂ ᠬᠤᠪᠢ ᠶᠢᠨ ᠠᠵᠤ ᠠᠬᠤᠶᠢᠯᠠᠯᠲᠠᠨ᠂ ᠮᠠᠯᠴᠢᠨ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠰᠠᠶᠢᠨ  ᠲᠣᠷᠠᠴᠣᠣᠯ ᠢᠶᠠᠷ ᠪᠦᠷᠢᠯᠳᠦᠭᠰᠡᠨ ᠶᠣᠮ ᠃  ᠬᠤᠯᠪᠣᠭ᠎ᠠ ᠨᠢ ᠪᠤᠶᠠᠨ ᠤ ᠠᠵᠢᠯᠯᠠᠭ᠎ᠠ ᠪᠠᠨ ᠡᠬᠢᠯᠡᠬᠦᠯᠦᠭᠰᠡᠨ ᠠᠴᠠ ᠨᠠᠭᠠᠰᠢ᠂ ᠬᠠᠷᠠᠮ ᠦᠭᠡᠢ ᠬᠠᠶᠢᠷ᠎ᠠ᠂ ᠬᠠᠯᠠᠭᠤᠨ ᠰᠡᠳᠭᠢᠯ ᠢᠶᠠᠷ ᠢᠶᠠᠨ ᠣᠯᠠᠨ ᠨᠡᠶᠢᠲᠡ ᠳᠤ ᠡᠶᠡᠷᠭᠦ ᠡᠨᠧᠷᠭᠢ᠂ ᠡᠨᠡᠷᠢᠯ ᠬᠠᠯᠠᠮᠵᠢ ᠶᠢ ᠳᠠᠮᠵᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠮᠠᠭᠲᠠᠭᠠᠯ ᠰᠠᠶᠢᠰᠢᠶᠠᠯ ᠢ ᠬᠦᠷᠲᠡᠭᠰᠡᠨ ᠪᠢᠯᠡ᠃ ᠬᠤᠯᠪᠣᠭᠠᠨ ᠤ ᠪᠥᠬᠦ ᠭᠡᠰᠢᠭᠦᠳ ᠠᠴᠠ ᠰᠢᠯᠤᠭᠤᠨ ᠬᠥᠬᠡ ᠬᠤᠰᠢᠭᠤᠨ ᠤ ᠵᠡᠮᠳᠡᠭ ᠬᠡᠦᠬᠡᠳ ᠤᠨ ᠴᠡᠴᠡᠷᠯᠢᠭ ᠪᠣᠯᠤᠨ ︽ᠨᠠᠬᠢᠶ᠎ᠠ︾ ᠬᠡᠦᠬᠡᠳ ᠤᠨ ᠴᠡᠴᠡᠷᠯᠢᠭ ᠲᠤ ᠪᠤᠳᠠᠭ᠎ᠠ᠂ ᠭᠤᠯᠢᠷ᠂ ᠲᠣᠰᠣ᠂ ᠰᠤᠷᠤᠯᠭ᠎ᠠ ᠠᠮᠢᠳᠤᠷᠠᠯ ᠤᠨ ᠬᠡᠷᠡᠭᠰᠡᠯ ᠬᠠᠨᠳᠢᠪᠯᠡᠭ᠌ᠰᠠᠨ  ᠨᠢ ᠬᠤᠯᠪᠣᠭ᠎ᠠ ᠪᠠᠶᠢᠭᠤᠯᠤᠭᠳᠠᠭᠰᠠᠨ ᠤ ᠠᠩᠬᠠᠨ ᠤ ᠠᠵᠢᠯᠯᠠᠭ᠎ᠠ ᠪᠠᠨ ᠤᠳᠬ᠎ᠠ ᠲᠡᠭᠦᠯᠳᠡᠷ ᠡᠬᠢᠯᠡᠭᠦᠯᠵᠡᠢ᠃    ᠡᠯᠡᠰᠦᠵᠢᠯ ᠢ ᠪᠦᠲᠦᠮᠵᠢᠲᠡᠶ ᠵᠠᠰᠠᠬᠤ ᠶᠢᠨ ᠲᠤᠯᠠᠳᠠ᠂ ᠬᠤᠯᠪᠣᠭᠠᠨ ᠤ ᠬᠢᠨ 2015 ᠣᠨ ᠤ ᠬᠠᠪᠤᠷ ᠠᠴᠠ ᠡᠬᠢᠯᠡᠨ᠂ ᠪᠣᠱᠣᠣᠳᠠᠢ ᠰᠣᠮᠣᠨ ᠤ ᠵᠠᠷᠤᠳ ᠭᠠᠴᠠᠭᠠᠨ ᠤ 300 ᠮᠥ ᠨᠤᠲᠤᠭ ᠪᠡᠯᠴᠢᠭᠡᠷ ᠢ ᠬᠦᠷᠢᠶᠡᠯᠡᠵᠦ᠂ ᠬᠠᠪᠤᠷ ᠨᠠᠮᠤᠷ ᠬᠤᠶᠠᠷ ᠤᠯᠠᠷᠢᠯ ᠳᠤ 8000 ᠭᠠᠷᠤᠶ ᠰᠠᠭᠤᠷᠢ ᠰᠢᠷ᠎ᠠ ᠪᠤᠷᠭᠠᠰᠤ ᠳᠠᠷᠢᠵᠤ᠂ ᠲᠣᠭᠲᠠᠮᠠᠯ ᠬᠤᠭᠤᠴᠠᠭ᠎ᠠ ᠲᠠᠢ  ᠪᠠᠷ ᠬᠠᠮᠢᠶᠠᠷᠤᠨ ᠬᠠᠮᠠᠭᠠᠯᠠᠭᠰᠠᠨ ᠢᠶᠠᠷ ᠬᠤᠵᠢᠭᠢᠷ ᠡᠯᠡᠰᠦ ᠶᠢ ᠬᠥᠬᠡ ᠳᠣᠪᠤ ᠪᠣᠯᠭᠠᠨ ᠥᠭᠡᠷᠡᠴᠢᠯᠡᠪᠡ᠃    ᠡᠭᠦᠨ ᠠᠴᠠ ᠭᠠᠳᠠᠨ᠎ᠠ ᠪᠠᠰᠠ ᠪᠥᠬᠦ ᠬᠤᠰᠢᠭᠤᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠣᠪᠣᠭᠠᠨ ᠲᠠᠬᠢᠯᠭ᠎ᠠ ᠶᠢᠨ ᠨᠠᠶᠢᠷ᠂ ᠨᠠᠭᠠᠳᠤᠮ ᠤᠨ ᠶᠡᠭᠡ ᠬᠤᠷᠠᠯ᠂ ᠵᠢᠭᠤᠯᠴᠢᠯᠠᠯ ᠤᠨ ᠭᠠᠵᠠᠷ ᠲᠤ ︽ᠬᠤᠰᠢᠭᠤᠴᠢ︾ ᠭᠡᠰᠢᠭᠦᠳ ᠤᠨ ᠮᠠᠨᠢ ᠪᠠᠷ᠎ᠠ ᠬᠠᠷᠠᠭᠳᠠᠵᠤ ᠯᠡ ᠪᠠᠶᠢᠳᠠᠭ᠂ ᠲᠡᠳᠡ ᠨᠤᠲᠤᠭ ᠤᠰᠤᠨ ᠤ ᠪᠠᠨ ᠠᠷᠢᠭᠤᠨ ᠳᠠᠭᠰᠢᠨ ᠢ ᠬᠠᠮᠠᠭᠠᠯᠠᠬᠤ ᠳᠤ ᠬᠦᠴᠦᠨ ᠢᠶᠠᠨ ᠨᠡᠮᠡᠷᠢᠯᠡᠨ᠂ ᠬᠤᠭ ᠨᠣᠪᠰᠢ ᠲᠡᠭᠦᠬᠦ᠂ ᠤᠬᠠᠭᠤᠯᠭ᠎ᠠ ᠶᠢᠨ ᠫᠠᠶᠢᠰᠠ ᠳᠡᠮᠳᠡᠭ ᠡᠯᠭᠦᠬᠦ ᠵᠡᠷᠭᠡ ᠰᠠᠶᠢᠨ ᠳᠤᠷ᠎ᠠ ᠶᠢᠨ ᠠᠵᠢᠯᠯᠠᠭ᠎ᠠ ᠶᠢ ᠬᠢᠭᠰᠡᠭᠡᠷ ᠪᠠᠶᠢᠭ᠎ᠠ ᠪᠥᠭᠡᠳ ᠪᠠᠶᠢᠭᠠᠯᠢ ᠣᠷᠴᠢᠨ ᠤ ᠬᠠᠮᠠᠭᠠᠯᠠᠯᠲᠠ ᠶᠢᠨ ᠲᠤᠬᠠᠢ ᠪᠠᠶᠢᠩᠭᠤ ᠤᠬᠠᠭᠤᠯᠤᠭᠰᠠᠭᠠᠷ ᠪᠠᠶᠢᠨ᠎ᠠ᠃    ᠪᠣᠯᠪᠠᠰᠤᠨ ᠪᠤᠰᠤ ᠶᠣᠰᠤ ᠵᠠᠩᠰᠢᠯ ᠢ ᠬᠠᠯᠠᠨ᠂ ᠣᠪᠤᠭᠠᠨ ᠳᠠᠬᠢᠯᠭ᠎ᠠ᠂ ᠡᠷᠭᠦᠴᠡ ᠪᠠᠷᠢᠴᠠ ᠶᠢᠨ ᠠᠩᠬᠠᠷᠬᠤ ᠵᠦᠢᠯᠡᠰ ᠢ ᠣᠯᠠᠨ ᠳᠤ ᠲᠠᠨᠢᠯᠴᠠᠭᠤᠯᠤᠨ᠂ ᠤᠯᠠᠮᠵᠢᠯᠠᠯᠲᠤ ᠰᠣᠶᠣᠯ ᠤᠨ ᠲᠦᠭᠡᠮᠡᠯᠵᠢᠯ᠂ ᠪᠠᠶᠢᠭᠠᠯᠢ ᠣᠷᠴᠢᠨ ᠤ ᠬᠠᠮᠠᠭᠠᠯᠠᠯᠲᠠ ᠳᠤ ᠡᠶᠡᠷᠬᠦ ᠦᠶᠯᠡᠳᠦᠯ ᠦᠵᠡᠭᠦᠯᠵᠡᠢ᠃ ᠡᠭᠦᠨ ᠤ ᠳᠠᠭᠠᠤ ᠲᠡᠳᠡ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠵᠦ᠂ ᠬᠡᠦᠬᠡᠳ ᠤᠳ ᠲᠤ ᠪᠠᠶᠢᠭᠠᠯᠢ ᠣᠷᠴᠢᠨ ᠤ ᠬᠠᠮᠠᠭᠠᠯᠠᠯᠲᠠ᠂ ᠠᠷᠪᠢᠴᠢ ᠭᠠᠮᠲᠠᠢ ᠠᠮᠢᠳᠤᠷᠠᠯ ᠤᠨ ᠳᠠᠳᠬᠠᠯ ᠤᠨ ᠲᠤᠬᠠᠢ ᠬᠦᠮᠦᠵᠢᠯ ᠬᠦᠷᠲᠡᠭᠡᠳᠡᠭ ᠪᠥᠭᠡᠳ ᠴᠡᠪᠡᠷᠯᠡᠭᠡ ᠶᠢᠨ ᠠᠵᠢᠯᠴᠢᠳ ᠢ ᠴᠤ ᠪᠠᠶᠢᠩᠭᠤ ᠬᠠᠪᠰᠤᠷᠤᠨ ᠵᠡᠭᠡᠯᠢ ᠭᠤᠳᠤᠮᠵᠢ ᠴᠡᠪᠡᠷᠯᠡᠵᠦ᠂ ᠲᠡᠳᠡᠨ ᠤ ᠠᠵᠢᠯ ᠤᠨ ᠳᠠᠷᠤᠯᠲᠠ ᠶᠢ ᠴᠢᠳᠠᠯ ᠤᠨ ᠬᠢᠷᠢ ᠪᠠᠷ ᠢᠶᠠᠨ ᠬᠥᠩᠭᠡᠷᠡᠭᠦᠯᠳᠡᠭ᠃ ᠲᠡᠳᠡ ᠦᠷᠭᠦᠯᠵᠢ ᠨᠠᠰᠤᠲᠠᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠤᠨ ᠦᠰᠦ ᠭᠡᠵᠢᠭᠡ ᠶᠢ ᠨᠢ ᠶᠠᠩᠵᠤᠯᠠᠨ᠂ ᠭᠡᠷ ᠣᠷᠣᠨ ᠢ ᠨᠢ ᠴᠡᠪᠡᠷᠯᠡᠨ᠂ ᠠᠮᠲᠠ ᠰᠢᠮᠲᠡ ᠲᠠᠢ ᠬᠤᠭᠤᠯᠠ ᠨᠣᠭᠤᠭ᠎ᠠ ᠦᠢᠷᠠᠳᠤᠭᠤᠯᠤᠨ ᠭᠡᠷ ᠪᠦᠯᠢ ᠶᠢᠨ ᠬᠠᠯᠠᠭᠤᠨ ᠳᠤᠯᠠᠭᠠᠨ ᠢ ᠳᠡᠲᠡᠨ ᠳᠤ ᠣᠯᠭᠤᠬᠤ ᠪᠠᠷ ᠴᠢᠷᠮᠠᠶᠢᠳᠠᠭ᠃ ᠲᠡᠳᠡ ᠪᠤᠶᠠᠨᠰᠠᠭ ᠦᠢᠯᠡ᠂ ᠪᠤᠷᠬᠠᠨ ᠰᠡᠳᠭᠢᠯ ᠢᠶᠠᠷ ᠢᠶᠠᠨ ᠶᠠᠳᠠᠭᠤ ᠪᠠᠭᠤᠷᠠᠢ᠂ ᠬᠦᠭᠰᠢᠳ ᠨᠠᠰᠤᠲᠠᠳ ᠢ ᠳᠡᠮᠵᠢᠵᠦ᠂ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢ ᠬᠠᠶᠢᠷ᠎ᠠ᠂ ᠬᠠᠯᠠᠭᠤᠨ ᠬᠦᠷᠢᠶᠡᠯᠡᠯ ᠢ ᠣᠯᠪᠠ᠃    ᠬᠦᠴᠢᠷ ᠲᠠᠢ ᠨᠢᠭᠡ ᠶᠢ ᠪᠠᠨ ᠲᠤᠰᠠᠯᠠᠵᠤ᠂ ᠬᠦᠨᠳᠦᠷᠡᠯ ᠲᠠᠢ ᠨᠢᠭᠡ ᠶᠢ ᠪᠠᠨ ᠳᠡᠮᠵᠢᠬᠦ ᠶᠢᠨ ᠲᠤᠯᠠᠳᠠ ᠲᠡᠳᠡ ᠭᠤᠷᠪᠠ ᠤᠳᠠᠭᠠᠨ ᠤ ᠵᠣᠭᠤᠰ ᠬᠠᠨᠳᠢᠪᠯᠠᠬᠤ ᠠᠵᠢᠯᠯᠠᠭ᠎ᠠ ᠵᠣᠬᠢᠶᠠᠨ ᠪᠠᠶᠢᠭᠤᠯᠵᠤ᠂ ᠰᠢᠭᠡᠰᠦᠨ ᠬᠤᠤᠷᠳᠠᠯ ᠳᠤ ᠨᠡᠷᠪᠡᠭᠳᠡᠭᠰᠡᠨ ᠣᠶᠤᠲᠠᠨ ᠳᠤ 53162 ᠲᠥᠭᠦᠷᠢᠭ ᠤᠨ ᠬᠠᠨᠳᠢᠪ ᠤᠨ ᠮᠥᠩᠭᠦ᠂ ᠴᠢᠰᠤᠨ ᠤ ᠬᠤᠣᠷᠲᠤ ᠬᠠᠪᠤᠳᠠᠷ ᠣᠯᠤᠭᠰᠠᠨ ᠠᠩᠬ᠎ᠠ ᠳᠤᠮᠳᠠᠳᠤ ᠶᠢᠨ ᠰᠤᠷᠤᠭᠴᠢ ᠳᠤ 25000 ᠭᠠᠷᠤᠶ ᠲᠥᠭᠦᠷᠢᠭ ᠤᠨ ᠬᠠᠨᠳᠢᠪ ᠤᠨ ᠮᠥᠩᠭᠦ᠂ ᠬᠦᠨᠳᠦ ᠰᠢᠷᠬᠠᠲᠤᠭᠰᠠᠨ ᠰᠢᠵᠢᠷ ᠲᠤ 25000 ᠭᠠᠷᠤᠶ ᠲᠥᠭᠦᠷᠢᠭ ᠤᠨ ᠬᠠᠨᠳᠢᠪ ᠤᠨ ᠮᠥᠩᠭᠦ ᠶᠢ ᠣᠯᠭᠤᠵᠣ ᠥᠭᠭᠦᠭᠰᠡᠨ ᠪᠠᠶᠢᠨ᠎ᠠ᠃     ☆2016 ᠣᠨ ᠤ 3 ᠰᠠᠷ᠎ᠠ ᠶᠢᠨ 1 ᠤ ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠬᠤᠯᠪᠣᠭᠠᠨ ᠤ ᠭᠡᠰᠢᠭᠦᠳ ᠨᠢ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠳᠤ ᠬᠦᠷᠴᠦ ᠰᠤᠷᠤᠭᠴᠢᠳ ᠲᠠᠢ ᠬᠠᠮᠲᠤ ᠵᠢᠭᠠᠨ ᠰᠤᠷᠭᠠᠯᠲᠠ ᠶᠢᠨ ᠠᠰᠠᠷ ᠪᠣᠯᠣᠨ ᠲᠠᠮᠢᠷ ᠤᠨ ᠲᠠᠯᠠᠪᠤᠷ ᠲᠠᠬᠢ ᠬᠤᠷᠠᠭᠰᠠᠨ ᠴᠠᠰᠤ ᠶᠢ ᠴᠡᠪᠡᠷᠯᠡᠵᠦ ᠪᠠᠭᠰᠢ ᠰᠤᠷᠤᠭᠴᠢᠳ ᠲᠤ ᠲᠥᠬᠦᠮ ᠦᠵᠡᠭᠦᠯᠪᠡ᠃    ☆3 ᠰᠠᠷ᠎ᠠ ᠶᠢᠨ 4 ᠤ ᠡᠳᠦᠷ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠠᠯᠪᠠᠨ ᠬᠡᠷ᠂ ᠡᠪᠯᠡᠯ ᠤᠨ ᠬᠤᠷᠢᠶ᠎ᠠ ᠠᠴᠠ ᠭᠤᠤᠯᠯᠠᠨ ᠡᠷᠭᠢᠯᠡᠭᠰᠡᠨ 2016 ᠣᠨ ᠤ ᠰᠢᠯᠤᠭᠤᠨ ᠬᠥᠬᠡ ᠬᠤᠰᠢᠭᠤᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠵᠠᠮ ᠬᠠᠷᠢᠯᠴᠠᠭᠠᠨ ᠤ ᠴᠠᠭᠳᠠᠭ᠎ᠠ ᠨᠠᠷ ᠲᠠᠢ ᠬᠠᠮᠲᠤ ᠵᠠᠮ ᠬᠠᠷᠢᠯᠴᠠᠭ᠎ᠠ ᠶᠢ ᠵᠢᠯᠣᠭᠤᠳᠴᠤ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠪᠠ᠃    ☆2016 ᠣᠨ ᠤ 5 ᠰᠠᠷ᠎ᠠ ᠶᠢᠨ 8 ᠤ ᠡᠳᠦᠷ ᠰᠢᠯᠤᠭᠤᠨ ᠬᠦᠬᠡ ᠬᠤᠰᠢᠭᠤᠨ ᠤ ᠤᠯᠠᠭᠠᠨ ᠵᠠᠭᠠᠯᠮᠠᠶᠢᠳᠠᠨ  ᠤ ᠨᠡᠶᠢᠭᠡᠮᠯᠢᠭ ᠤᠨ ᠰᠠᠶᠢᠨ ᠳᠤᠷ᠎ᠠ ᠶᠢᠨ ᠠᠩᠬᠢ ᠳᠤ ᠣᠷᠣᠯᠴᠠᠵᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯᠯᠠᠭ᠎ᠠ ᠪᠣᠯᠤᠨ ᠰᠠᠶᠢᠨ ᠲᠤᠷᠠᠴᠤᠳ ᠤᠨ ᠠᠪᠤᠷᠠᠨ ᠲᠤᠰᠠᠯᠠᠬᠤ ᠪᠣᠯᠪᠠᠰᠤᠷᠠᠯ ᠳᠤ ᠣᠷᠣᠯᠴᠠᠵᠠᠢ᠃    ☆2015 ᠣᠨ ᠳᠤ ᠰᠢᠯᠤᠭᠤᠨ ᠬᠥᠬᠡ ᠬᠤᠰᠢᠭᠤᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠢᠷᠠᠭᠤ ᠠᠯᠳᠠᠷ ᠢ ᠭᠥᠷᠳᠡᠵᠦ᠂ 2016 ᠣᠨ ᠤ 3 ᠰᠠᠷ᠎ᠠ ᠳᠤ ᠰᠢᠯᠤᠭᠤᠨ ᠬᠥᠬᠡ ᠬᠤᠰᠢᠭᠤᠨ ᠤ ᠲᠡᠷᠢᠭᠦᠨ ᠤ ᠦᠶᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠭᠰᠠᠨ ᠪᠥᠭᠡᠳ ᠮᠡᠳᠡᠭᠦᠯᠦᠯᠲᠡ ᠬᠢᠵᠡᠶ᠃ ᠬᠤᠯᠪᠣᠭ᠎ᠠ ᠨᠢ ᠡᠯ᠎ᠡ ᠵᠠᠭᠤᠴᠢᠯᠠᠭᠤᠷ ᠤᠨ ᠰᠤᠷᠪᠤᠯᠵᠢᠯᠠᠭ᠎ᠠ ᠪᠠ ᠮᠡᠳᠡᠭᠡᠯᠡᠯ ᠢ ᠣᠯᠠᠨᠲᠠ ᠭᠥᠯᠢᠶᠡᠨ ᠠᠪᠴᠤ᠂ ᠥᠪᠥᠷ ᠮᠣᠩᠭᠤᠯ ᠤᠨ ᠲᠧᠯᠸᠢᠰ ᠬᠤᠷᠢᠶᠠᠨ ᠤ ᠮᠣᠩᠭᠤᠯ ᠣᠳᠣᠨ ᠲᠧᠯᠸᠢᠰ ᠤᠨ        ︽ᠬᠠᠶᠢᠷ᠎ᠠ ᠶᠢᠨ ᠬᠡᠯᠬᠢᠶ᠎ᠡ︾ ᠳᠡᠯᠭᠡᠴᠡ ᠪᠠ ᠰᠢᠯᠤᠭᠤᠨ ᠬᠥᠬᠡ ᠬᠤᠰᠢᠭᠤᠨ ᠤ ᠲᠧᠯᠸᠢᠰ ᠬᠤᠷᠢᠶᠠᠨ ᠤ ︽ᠮᠥᠩᠭᠡ ᠰᠢᠷᠭᠠᠯᠳᠤᠬᠤ ᠬᠤᠯᠠᠨ ᠰᠢᠷᠭ᠎ᠠ︾ ᠫᠷᠤᠭ᠍ᠷᠠᠮ ᠳᠤ ᠲᠤᠰᠬᠠᠶ ᠰᠡᠳᠦᠪᠲᠦ ᠹᠢᠯᠢᠮ ᠢᠶᠠᠷ ᠭᠠᠷᠴᠤ᠂ ᠥᠷᠭᠡᠨ ᠣᠯᠠᠨ ᠤ ᠰᠠᠶᠢᠨ ᠦᠨᠡᠯᠡᠯᠲᠡ ᠶᠢ ᠣᠯᠵᠤ᠂ ᠠᠯᠢ ᠣᠯᠠᠨ ᠤᠬᠠᠭᠤᠯᠭ᠎ᠠ ᠶᠢᠨ ᠠᠵᠢᠯᠯᠠᠭ᠎ᠠ ᠪᠠᠷ ᠢᠶᠠᠨ ᠨᠠᠩ ᠣᠯᠠᠨ ᠬᠠᠯᠠᠭᠤᠨ ᠰᠡᠳᠬᠢᠯᠲᠦ ᠬᠥᠮᠦᠰ ᠢ ᠤᠷᠢᠶᠠᠯᠠᠨ ᠳᠠᠶᠢᠴᠢᠯᠠᠵᠤ ᠪᠤᠶᠠᠨ ᠤ ᠦᠶᠯᠡᠰ ᠲᠤ ᠣᠷᠣᠯᠴᠠᠭᠤᠯᠵᠠᠢ᠃    ☆2017 ᠣᠨ ᠤ 10 ᠰᠠᠷ᠎ᠠ ᠶᠢᠨ 21 ᠤ ᠡᠳᠦᠷ᠂ ᠪᠤᠱᠤᠤᠳᠠᠢ ᠰᠣᠮᠣᠨ ᠤ ᠵᠠᠷᠤᠳ ᠭᠠᠴᠠᠭᠠᠨ ᠤ ᠨᠣᠭᠤᠭᠠᠷᠠᠭᠤᠯᠤᠯᠲᠠ ᠶᠢᠨ ᠰᠠᠭᠤᠷᠢᠨ ᠳᠤ 5500 ᠭᠠᠷᠦᠢ ᠰᠢᠷ᠎ᠠ ᠪᠤᠷᠭᠠᠰᠤ ᠲᠠᠷᠢᠪᠠ᠃ ᠭᠤᠷᠪᠠᠨ ᠵᠢᠯ ᠤᠨ ᠲᠤᠷᠰᠢ ᠨᠡᠶᠢᠲᠡ 20000 ᠭᠠᠷᠦᠢ ᠰᠠᠭᠤᠷᠢ ᠪᠤᠷᠭᠠᠰᠤ᠂ 100 ᠭᠠᠷᠤᠶ ᠬᠠᠶᠢᠯᠠᠰᠤᠨ ᠮᠣᠳᠣ ᠪᠠ ᠡᠪᠡᠰᠦᠨ ᠦᠷ᠎ᠡ ᠲᠠᠷᠢᠪᠠ᠃    ☆2017 ᠣᠨ ᠤ 12 ᠰᠠᠷ᠎ᠠ ᠶᠢᠨ 12 ᠤᠨ ᠡᠳᠦᠷ ᠰᠢᠯᠤᠭᠤᠨ ᠬᠥᠬᠡ ᠬᠤᠰᠢᠭᠤᠨ ᠤ ᠮᠠᠯᠤᠷᠲᠤ ᠶᠢᠨ ᠰᠦᠮ᠎ᠡ ᠳᠤ ᠬᠦᠷᠴᠦ  ᠵᠤᠯᠠ ᠶᠢᠨ ᠪᠠᠶᠠᠷ ᠤᠨ ᠡᠮᠬᠢ ᠵᠢᠷᠤᠮ ᠢ ᠪᠠᠲᠤᠯᠠᠨ᠂ ᠰᠦᠮ᠎ᠡ ᠶᠢᠨ ᠳᠣᠲᠣᠨ᠎ᠠ ᠭᠠᠳᠠᠨᠠᠬᠢ ᠬᠤᠭ ᠨᠣᠪᠰᠢ ᠶᠢ ᠴᠡᠪᠡᠷᠯᠡᠨ ᠠᠷᠢᠯᠭᠠᠵᠤ᠂ ᠮᠥᠷᠭᠦᠯ ᠬᠢᠬᠦ ᠬᠥᠮᠦᠰ ᠲᠤ ᠰᠠᠶᠢᠨ ᠰᠠᠶᠢᠬᠠᠨ ᠣᠷᠴᠢᠨ ᠨᠥᠭᠦᠴᠡᠯ ᠢ ᠬᠠᠩᠭᠠᠵᠤ ᠥᠭᠭᠦᠭᠰᠡᠨ ᠪᠠᠶᠢᠨ᠎ᠠ᠃    ☆2017 ᠣᠨ ᠤ 12 ᠰᠠᠷ᠎ᠠ ᠶᠢᠨ 11 - 12 ᠤᠨ ᠡᠳᠦᠷ ᠪᠣᠯᠲᠠᠯ᠎ᠠ  ᠬᠤᠯᠪᠣᠭᠠᠨ ᠤ ᠲᠥᠯᠥᠭᠡᠯᠡᠭᠴᠢᠳ  ᠨᠢ ᠪᠥᠬᠦ ᠠᠶᠢᠮᠠᠭ ᠤᠨ ᠵᠣᠬᠢᠶᠠᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠪᠣᠯᠪᠠᠰᠤᠷᠠᠯ ᠳᠤ ᠣᠷᠣᠯᠴᠠᠭᠰᠠᠨ ᠪᠥᠭᠡᠳ ︽ᠣᠯᠠᠨ ᠲᠦᠮᠡᠨ ᠳᠤ ᠬᠠᠮᠤᠭ ᠠᠴᠠ ᠳᠠᠭᠠᠰᠢᠶᠠᠭᠳᠠᠭᠰᠠᠨ ᠵᠣᠬᠢᠶᠠᠨ ᠪᠠᠢᠭᠤᠯᠤᠯᠲᠠ︾ ᠪᠠᠷ ᠦᠨᠡᠯᠡᠭᠳᠡᠪᠡ᠃    ☆2018 ᠣᠨ ᠤ 1 ᠰᠠᠷ᠎ᠠ ᠶᠢᠨ 15 ᠤ ᠡᠳᠦᠷ ᠤᠨ ᠭᠤᠷᠪᠠᠳᠤᠭᠠᠷ ᠤᠳᠠᠭᠠᠨ ᠤ ︽ᠰᠢᠯᠤᠭᠤᠨ ᠬᠥᠬᠡ ᠬᠤᠰᠢᠭᠤᠨ ᠤ ᠲᠡᠷᠢᠭᠦᠨ ᠤ ᠵᠢᠱᠢᠶᠡᠴᠢ ᠶᠢᠨ ᠮᠡᠳᠡᠭᠦᠯᠦᠯᠲᠡ ᠶᠢᠨ ᠬᠤᠷᠠᠯ︾ ᠳᠡᠭᠡᠷ᠎ᠡ ᠰᠢᠯᠢᠳᠡᠭ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠᠷ ᠦᠨᠡᠯᠡᠭᠳᠡᠭᠰᠡᠨ ᠪᠥᠭᠡᠳ ᠱᠠᠩᠨᠠᠯ ᠭᠥᠷᠳᠡᠪᠡ᠃    ☆2018 ᠣᠨ ᠤ 3 ᠰᠠᠷ᠎ᠠ ᠶᠢᠨ 4 ᠤ ︽ᠯᠧᠢ ᠹᠧᠩ ᠠᠴᠠ ᠰᠤᠷᠤᠯᠴᠠᠬᠤ ᠡᠳᠦᠷ︾ ᠬᠦᠷᠴᠦ ᠢᠷᠡᠬᠦ ᠲᠠᠰᠢᠷᠠᠮ ᠢᠶᠠᠷ ᠭᠡᠰᠢᠭᠦᠳ ᠨᠢ ᠬᠤᠰᠢᠭᠤ ᠠᠷᠠᠳ ᠤᠨ ᠶᠠᠪᠤᠳᠠᠯ ᠤᠨ ᠲᠣᠪᠴᠢᠶᠠᠨ ᠤ  ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ ᠲᠡᠨᠳᠡᠬᠢ ᠨᠠᠰᠤᠲᠠᠨ ᠢ ᠲᠣᠬᠤᠨᠢᠭᠤᠯᠪᠠ᠃    ☆4 ᠰᠠᠷ᠎ᠠ ᠶᠢᠨ 22 ᠤᠨ ᠡᠳᠦᠷ᠂ ᠨᠣᠭᠤᠭᠠᠷᠠᠭᠤᠯᠤᠯᠲᠠ ᠶᠢᠨ ᠰᠠᠭᠤᠷᠢᠨ ᠳᠤ ᠬᠦᠷᠴᠦ᠂ 4000 ᠭᠠᠷᠤᠶ ᠰᠢᠷ᠎ᠠ ᠪᠤᠷᠭᠠᠰᠤ ᠲᠠᠷᠢᠪᠠ᠃    ☆5 ᠰᠠᠷ᠎ᠠ ᠶᠢᠨ 29 ᠤ ᠡᠳᠦᠷ᠂ ᠪᠣᠰᠣᠳ ᠬᠤᠶᠠᠷ ᠠᠷᠠᠳ ᠤᠨ ᠲᠥᠯᠥᠭᠡᠯᠡᠭᠴᠢ ᠲᠠᠢ ᠬᠠᠮᠲᠤᠷᠠᠨ᠂ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠪᠠ ᠬᠤᠶᠠᠳᠤᠭᠠᠷ ᠪᠠᠭ᠎ᠠ ᠰᠤᠷᠭᠠᠭᠤᠯᠢ ᠶᠢᠨ 40 ᠶᠠᠳᠠᠭᠤ ᠬᠦᠴᠢᠷᠳᠡᠯᠲᠡᠶ ᠰᠣᠷᠣᠭᠴᠢ ᠶᠢ ᠲᠤᠰᠠᠯᠠᠵᠤ᠂ ᠲᠦᠮᠡᠨ ᠲᠥᠭᠦᠷᠢᠭ ᠤᠨ ᠥᠷᠲᠡᠭ ᠪᠥᠬᠦᠶ ᠰᠤᠷᠤᠯᠭ᠎ᠠ ᠶᠢᠨ ᠬᠡᠷᠡᠭᠰᠡᠯ ᠬᠠᠨᠳᠢᠪᠯᠠᠪᠠ᠃    ☆9 ᠰᠠᠷ᠎ᠠ ᠶᠢᠨ 9 ᠤ ᠡᠳᠦᠷ ᠶᠤᠸᠠᠨ ᠤ ᠳᠡᠭᠡᠳᠦ ᠨᠡᠶᠢᠰᠯᠡᠯ ᠤᠨ ︽ᠭᠦᠶᠦᠭᠴᠢ︾ ᠨᠡᠷᠡᠮᠵᠢᠲᠦ ᠬᠤᠯᠠ ᠭᠦᠶᠦᠯᠲᠡ ᠶᠢᠨ ᠤᠷᠤᠯᠳᠤᠭᠠᠨ ᠤ ᠰᠢᠷᠢᠰ ᠠᠵᠢᠯᠯᠠᠭ᠎ᠠ ᠪᠣᠯᠬᠤ 4 ᠺᠢᠯᠣᠮᠧᠲᠷ ᠶᠠᠪᠠᠭᠠᠨ ᠠᠯᠬᠤᠬᠤ ᠬᠦᠳᠡᠯᠭᠡᠭᠡᠨ ᠳᠤ ᠣᠷᠤᠯᠴᠠᠵᠠᠢ᠃    ☆9 ᠰᠠᠷ᠎ᠠ ᠶᠢᠨ 15 ᠤ ᠡᠳᠦᠷ᠂ ᠪᠥᠬᠦ ᠣᠷᠣᠨ ᠤ ᠳᠡᠯᠡᠬᠡᠶ ᠶᠢᠨ ᠠᠷᠢᠭᠤᠨ ᠴᠡᠪᠡᠷ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠬᠤᠰᠢᠭᠤᠨ ᠤ ᠭᠤᠤᠯᠳᠠᠯᠭ᠎ᠠ ᠲᠠᠢ ᠵᠢᠭᠤᠯᠴᠢᠯᠠᠯ ᠤᠨ ᠣᠷᠣᠨ ᠪᠠ ᠵᠠᠮ ᠤᠨ ᠬᠦᠪᠡᠭᠡ ᠵᠠᠬ᠎ᠠ ᠶᠢᠨ ᠬᠤᠭ ᠨᠣᠪᠰᠢ ᠶᠢ ᠲᠡᠭᠦᠪᠡ᠃     ☆9 ᠰᠠᠷ᠎ᠠ ᠶᠢᠨ 25 ᠤ ᠡᠳᠦᠷ᠂ ᠬᠤᠶᠠᠷ ᠠᠵᠤ ᠠᠬᠤᠶᠢᠯᠠᠯ ᠲᠠᠢ ᠬᠠᠮᠲᠤᠷᠠᠨ ᠠᠮᠢᠳᠤᠷᠠᠯ ᠨᠢ ᠬᠦᠴᠢᠷᠲᠡᠶ 60 ᠰᠤᠷᠤᠭᠴᠢ ᠳᠤ 12000 ᠲᠥᠭᠦᠷᠢᠭ ᠤᠨ ᠬᠠᠨᠳᠢᠪ ᠡᠷᠭᠦᠪᠡ᠃    ☆10 ᠰᠠᠷ᠎ᠠ ᠶᠢᠨ 27 ᠤ ᠡᠳᠦᠷ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠶᠢᠨ ᠳᠥᠷᠪᠡ᠂ ᠲᠠᠪᠤ ᠠᠩᠭᠢ  ᠶᠢᠨ ᠰᠤᠷᠤᠭᠴᠢᠳ ᠲᠠᠢ ᠬᠠᠮᠲᠤ 6500 ᠭᠠᠷᠤᠶ ᠰᠠᠭᠤᠷᠢ ᠰᠢᠷ᠎ᠠ ᠪᠤᠷᠭᠠᠰᠤ ᠲᠠᠷᠢᠪᠠ᠃    ☆2019 ᠣᠨ ᠤ 1 ᠰᠠᠷ᠎ᠠ ᠶᠢᠨ 1 ᠤ ᠡᠳᠦᠷ᠂ ᠱᠠᠩᠳᠤ ᠪᠠᠯᠭᠠᠰᠤᠨ ᠤ ᠵᠡᠭᠡᠯᠢ ᠭᠤᠳᠤᠮᠵᠢ ᠶᠢᠨ ᠴᠡᠪᠡᠷᠯᠡᠭᠡ ᠶᠢᠨ ᠠᠵᠢᠯᠲᠠᠳ ᠢ ᠲᠣᠬᠤᠨᠢᠭᠤᠯᠵᠤ᠂ ᠲᠡᠳᠡᠨ ᠳᠤ ᠰᠢᠨ᠎ᠡ ᠵᠢᠯ ᠤᠨ ᠮᠡᠨᠳᠦᠴᠢᠯᠡᠯ ᠬᠦᠷᠭᠡᠨ ᠭᠠᠷ ᠪᠡᠯᠡᠭ ᠭᠠᠷᠳᠠᠭᠤᠯᠪᠠ᠃    ☆4 ᠰᠠᠷ᠎ᠠ ᠶᠢᠨ 20 ᠤ ᠡᠳᠦᠷ᠂ ᠰᠠᠩ ᠤᠨ ᠲᠡᠯᠡᠶ ᠪᠠᠯᠭᠠᠰᠤᠨ ᠤ ᠰᠤᠷᠭᠠᠭᠤᠯᠢ ᠶᠢᠨ ᠡᠮᠦᠨ᠎ᠡ ᠲᠠᠯ᠎ᠠ ᠶᠢᠨ ᠡᠯᠡᠰᠦᠷᠬᠡᠭ ᠭᠠᠵᠠᠷ ᠲᠤ 5000 ᠭᠠᠷᠤᠶ ᠰᠢᠷ᠎ᠠ ᠪᠤᠷᠭᠠᠰᠤ ᠳᠠᠷᠢᠪᠠ᠃    ☆2021 ᠣᠨ ᠤ 6 ᠰᠠᠷ᠎ᠠ ᠶᠢᠨ 18 ᠤ ᠡᠳᠦᠷ᠂  ᠬᠤᠯᠪᠣᠭᠠᠨ ᠤ ᠭᠡᠰᠢᠭᠦᠳ ᠢᠶᠠᠨ ᠵᠣᠬᠢᠶᠠᠨ ᠪᠠᠶᠢᠭᠤᠯᠵᠤ ︽ᠣᠯᠠᠨ ᠲᠦᠮᠡᠨ ᠳᠤ ᠪᠤᠳᠠᠲᠠᠢ ᠦᠢᠯᠡᠴᠢᠯᠡᠬᠦ︾᠂ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ᠂ ᠠᠵᠢᠲᠠᠶ ᠡᠷᠡᠭᠦᠯᠵᠢᠯ ᠰᠤᠪᠢᠯᠠᠯᠲᠠ ᠶᠢᠨ ᠲᠥᠪ ᠤᠨ ︿ᠪᠢ ᠲᠠᠨ ᠳᠤ ᠲᠤᠰᠠᠯᠠᠶ᠎ᠠ﹀ ᠭᠡᠬᠦ ᠲᠣᠮᠣ ᠬᠡᠯᠪᠡᠷᠢ  ᠶᠢᠨ ᠡᠮᠴᠢᠯᠡᠭᠡᠨ ᠤ ᠲᠠᠶᠢᠯᠤᠮᠵᠢ ᠶᠢᠨ ᠠᠵᠢᠯᠯᠠᠭ᠎ᠠ ᠳᠤ ᠣᠷᠣᠯᠴᠠᠪᠠ᠃    ☆2022 ᠣᠨ ᠤ 3 ᠰᠠᠷ᠎ᠠ ᠶᠢᠨ 26 ᠤ ᠡᠳᠦᠷ ᠱᠠᠩᠳᠤ ᠪᠠᠯᠭᠠᠰᠤᠨ ᠤ ᠴᠡᠩᠭᠡᠯᠳᠦ ᠭᠠᠴᠠᠭ᠎ᠠ ᠳᠤ ᠬᠦᠷᠴᠦ ᠪᠤᠷᠭᠠᠰᠤ ᠬᠠᠳᠤᠵᠤ ᠬᠤᠷᠢᠶᠠᠪᠠ᠃    ☆2022 ᠣᠨ ᠤ 4 ᠰᠠᠷ᠎ᠠ ᠶᠢᠨ 24 ᠤ ᠡᠳᠦᠷ ᠱᠠᠩᠳᠤ ᠪᠠᠯᠭᠠᠰᠤᠨ ᠤ ᠴᠡᠩᠭᠡᠯᠳᠦ ᠭᠠᠴᠠᠭᠠᠨ ᠳᠤ 3500 ᠭᠠᠷᠤᠶ ᠰᠢᠷ᠎ᠠ ᠪᠤᠷᠭᠠᠰᠤ ᠳᠠᠷᠢᠪᠠ᠃    ☆2023 ᠣᠨ ᠤ 4 ᠰᠠᠷ᠎ᠠ ᠶᠢᠨ 15 ᠤ ᠡᠳᠦᠷ ᠪᠣᠱᠣᠣᠳᠠᠢ ᠰᠣᠮᠣᠨ ᠤ ᠵᠠᠷᠤᠳ ᠭᠠᠴᠠᠭ᠎ᠠ ᠳᠤ ᠬᠦᠷᠴᠦ ᠮᠣᠳᠣ ᠲᠠᠷᠢᠨ᠂ ᠡᠯᠡᠰᠦ ᠶᠢ ᠵᠠᠰᠠᠵᠤ ᠲᠣᠭᠲᠠᠪᠤᠷᠢᠵᠢᠭᠤᠯᠬᠤ ᠳᠤ ᠬᠤᠪᠢ ᠨᠡᠮᠡᠷᠢ ᠦᠵᠡᠭᠦᠯᠪᠡ᠃    ☆ᠰᠢᠯᠤᠭᠤᠨ ᠬᠥᠬᠡ ᠬᠤᠰᠢᠭᠤᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠡᠰᠡᠭ ᠪᠠᠭᠰᠢ ᠰᠤᠷᠤᠭᠴᠢᠳ ᠪᠠ ᠭᠡᠷ ᠤᠨ ᠠᠬᠠᠮᠠᠳ ᠬᠠᠮᠲᠤ ᠪᠠᠷ ᠮᠣᠳᠣ ᠲᠠᠷᠢᠬᠤ ᠠᠵᠢᠯᠯᠠᠭ᠎ᠠ  ᠳᠤ ᠣᠷᠣᠯᠴᠠᠪᠠ᠃ ᠰᠢᠯᠤᠭᠤᠨ ᠬᠥᠬᠡ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ ᠵᠢᠴᠢ ᠪᠣᠱᠣᠣᠳᠠᠢ ᠰᠣᠮᠣᠨ ᠤ ᠡᠩᠭᠡᠷ ᠭᠠᠴᠠᠭᠠᠨ ᠤ ᠮᠠᠯᠴᠢᠨ ᠲᠡᠭᠦᠰ᠂ ᠮᠠᠨᠳᠤᠯᠲᠤ ᠭᠠᠴᠠᠭᠠᠨ ᠤ ᠮᠠᠯᠴᠢᠨ ᠠᠯᠲᠠᠨᠪᠠᠭᠠᠨ᠎ᠠ ᠲᠣᠰ ᠤᠳᠠᠭᠠᠨ ᠤ ᠠᠵᠢᠯᠯᠠᠭ᠎ᠠ ᠶᠢ ᠬᠦᠴᠦᠲᠡᠶ ᠳᠡᠮᠵᠢᠪᠡ᠃ᠰᠢᠯᠤᠭᠤᠨ ᠬᠦᠬᠡ ᠬᠤᠰᠢᠭᠤᠨ ᠤ ︽ᠬᠤᠰᠢᠭᠤᠴᠢ︾ ᠬᠠᠶᠢᠷ᠎ᠠ ᠬᠠᠯᠠᠮᠵᠢ ᠶᠢᠨ ᠬᠤᠯᠪᠣᠭ᠎ᠠ ᠨᠢ ︽ᠪᠤᠶᠠᠨ ᠤ ᠦᠢᠯᠡᠰ ︾ ᠢᠶᠠᠷ ᠵᠣᠷᠢᠯᠲᠠ ᠪᠣᠯᠭᠠᠵᠤ᠂ ᠨᠣᠲᠤᠭ ᠤᠨ ᠬᠠᠯᠠᠭᠤᠨ ᠰᠡᠳᠬᠢᠯᠲᠦ ᠬᠥᠮᠦᠰ ᠢ ᠵᠣᠬᠢᠶᠠᠨ ᠪᠠᠶᠢᠭᠤᠯᠵᠤ᠂ ᠣᠷᠴᠢᠨ ᠠᠬᠤᠢ ᠶᠢ ᠬᠠᠮᠠᠭᠠᠯᠠᠬᠤ᠂ ᠠᠮᠢ ᠠᠬᠤᠢ ᠶᠢᠨ ᠪᠣᠯᠪᠠᠰᠤᠨ ᠢ ᠤᠬᠠᠭᠤᠯᠬᠤ᠂ ᠨᠣᠭᠤᠭᠠᠷᠠᠭᠤᠯᠤᠯᠲᠠ ᠳᠤ ᠣᠷᠣᠯᠴᠠᠬᠤ᠂ ᠦᠨᠳᠦᠰᠦᠲᠡᠨ ᠤ ᠰᠣᠶᠣᠯ ᠢ ᠪᠠᠳᠠᠷᠠᠭᠤᠯᠬᠤ᠂ ᠪᠠᠭᠤᠷᠠᠶᠢᠴᠤᠤᠯ ᠢ ᠬᠠᠶᠢᠷᠠᠯᠠᠨ ᠬᠠᠯᠠᠮᠵᠢᠯᠠᠬᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠬᠦᠯᠬᠦ᠂ ᠡᠶᠡᠷᠭᠦ ᠡᠨᠧᠷᠭᠢ ᠶᠢ ᠳᠠᠮᠵᠢᠭᠤᠯᠬᠤ ᠵᠡᠷᠭᠡ ᠠᠯᠢ ᠣᠯᠠᠨ ᠪᠤᠶᠠᠨᠰᠠᠭ ᠠᠵᠢᠯᠯᠠᠭ᠎ᠠ ᠪᠠᠷ ᠢᠶᠠᠨ ᠨᠡᠶᠢᠬᠡᠮ ᠨᠡᠶᠢᠲᠡ ᠳᠤ ᠪᠠᠨ ᠬᠠᠶᠢᠷ᠎ᠠ ᠬᠠᠯᠠᠮᠵᠢ ᠪᠠᠨ ᠲᠠᠷᠬᠠᠭᠠᠭᠰᠠᠭᠠᠷ ᠪᠠᠶᠢᠨ᠎ᠠ᠃     ☆2024 ᠣᠨ ᠤ 4 ᠰᠠᠷ᠎ᠠ ᠶᠢᠨ 20 ᠤ ᠡᠳᠦᠷ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠠᠷᠠᠳ ᠢᠶᠠᠷ ᠢᠶᠠᠨ ᠮᠣᠳᠣ ᠲᠠᠷᠢᠬᠤ ᠰᠠᠶᠢᠨ ᠳᠤᠷ᠎ᠠ ᠶᠢᠨ ᠠᠵᠢᠯᠯᠠᠭ᠎ᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠰᠢᠯᠤᠭᠤᠨ ᠬᠦᠬᠡ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠠᠶᠢᠨ ᠳᠤᠷᠠᠴᠢᠳ ᠤᠨ ᠪᠠᠭ ᠵᠢᠴᠢ ᠰᠢᠯᠤᠭᠤᠨ ᠬᠦᠬᠡ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠡᠰᠡᠭ ᠪᠠᠭᠰᠢ ᠰᠤᠷᠤᠭᠴᠢᠳ ᠲᠠᠢ ᠬᠠᠮᠳᠤᠷᠠᠨ ᠪᠤᠱᠤᠤᠳᠠᠢ ᠰᠣᠮᠣᠨ ᠤ ᠵᠠᠷᠤᠳ ᠭᠠᠴᠠᠭ᠎ᠠ ᠳᠤ ᠬᠦᠷᠴᠦ ᠨᠡᠶᠢᠲᠡ 4000  ᠭᠠᠷᠤᠢ ᠰᠢᠷ᠎ᠠ ᠪᠤᠷᠭᠠᠰᠤ ᠲᠠᠷᠢᠵᠤ᠂ ᠨᠤᠲᠤᠭ ᠤᠨ ᠬᠦᠷᠦᠰᠦᠨ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃    ☆2024 ᠣᠨ ᠤ 5 ᠰᠠᠷ᠎ᠠ ᠶᠢᠨ 6 ᠤ ᠡᠳᠦᠷ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠯᠤᠭᠤᠨ ᠬᠥᠬᠡ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠦᠶᠯᠡᠴᠢᠯᠡᠭᠡᠨ ᠤ ᠲᠥᠪ ᠨᠢ ᠪᠣᠱᠣᠣᠳᠠᠢ ᠰᠤᠮᠤ ᠲᠠᠢ ᠬᠤᠯᠪᠣᠭᠠᠯᠠᠨ᠂ ᠰᠢᠯᠤᠭᠤᠨ ᠬᠥᠬᠡ ᠬᠤᠰᠢᠭᠤᠨ ᠤ ᠬᠤᠰᠢᠭᠤᠴᠢ ᠰᠠᠶᠢᠨ ᠲᠣᠷᠠᠴᠣᠣᠯ ᠤᠨ ᠪᠠᠭ᠂ ᠰᠢᠯᠤᠭᠤᠨ ᠬᠥᠬᠡ ᠬᠤᠰᠢᠭᠤᠨ ᠤ ᠨᠤᠲᠤᠭ ᠪᠡᠯᠴᠢᠭᠡᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠲᠤᠷᠠᠴᠤᠳ ᠤᠨ ᠨᠡᠶᠢᠭᠡᠮᠯᠢᠭ ᠢ ᠵᠣᠬᠢᠶᠠᠨ ᠪᠠᠶᠢᠭᠤᠯᠵᠤ ᠮᠣᠳᠣ ᠳᠠᠷᠢᠬᠤ ᠠᠵᠢᠯᠯᠠᠭ᠎ᠠ ᠥᠷᠨᠢᠭᠦᠯᠪᠡ᠃    ᠰᠢᠯᠤᠭᠤᠨ ᠬᠥᠬᠡ ᠬᠤᠰᠢᠭᠤᠨ ᠤ ᠬᠤᠰᠢᠭᠤᠴᠢ ᠬᠠᠶᠢᠷ᠎ᠠ ᠬᠠᠯᠠᠮᠵᠢ ᠵᠢᠨ‌ᠬᠤᠯᠪᠣᠭᠠᠨ ᠤ ᠳᠠᠷᠤᠭ᠎ᠠ ᠡᠷᠳᠡᠨᠢᠪᠢᠯᠢᠭ ᠄ ︽ᠵᠠᠷᠤᠳ ᠭᠠᠴᠠᠭᠠᠨ ᠤ ᠡᠯᠡᠰᠦᠷᠬᠡᠭᠵᠢᠭᠰᠡᠨ ᠬᠡᠮᠵᠢᠶ᠎ᠡ ᠨᠢ ᠨᠡᠯᠢᠶᠡᠳ ᠬᠦᠨᠳᠦᠷᠡᠭᠰᠡᠨ ᠭᠠᠵᠠᠷ ᠳᠡᠭᠡᠷ᠎ᠡ ᠰᠢᠷ᠎ᠠ ᠪᠤᠷᠭᠠᠰᠤ  ᠲᠠᠷᠢᠪᠠ᠃ ᠪᠢᠳᠡ ᠵᠢᠯ ᠪᠦᠷᠢ ᠬᠤᠶᠠᠷ ᠤᠳᠠᠭ᠎ᠠ ᠮᠣᠲᠤ ᠲᠠᠷᠢᠳᠠᠭ᠂ ᠭᠤᠷᠪᠠᠨ ᠵᠢᠯ ᠤᠨ ᠳᠣᠲᠣᠷ᠎ᠠ ᠡᠨᠡ ᠬᠡᠰᠡᠭ ᠨᠤᠲᠤᠭ ᠪᠡᠯᠴᠢᠭᠡᠷ ᠤᠨ ᠤᠤᠯ ᠳᠦᠷᠰᠦ ᠶᠢ ᠰᠡᠷᠭᠦᠭᠡᠬᠦ ᠪᠠᠷ ᠲᠥᠯᠥᠪᠯᠡᠵᠦ  ᠪᠠᠶᠢᠨ᠎ᠠ︾ ᠭᠡᠵᠦ ᠬᠡᠯᠡᠯ᠎ᠡ᠃    ︽ᠮᠢᠩᠭᠠᠨ ᠭᠠᠵᠠᠷ ᠤᠨ ᠠᠶᠠᠨ ᠥᠯᠡᠮᠡᠢ ᠳᠣᠣᠷ᠎ᠠ ᠠᠴᠠ ᠡᠬᠢᠯᠡᠨᠡᠮ︾᠂  ᠬᠤᠯᠪᠣᠭᠠᠨ ᠤ ᠬᠢᠨ ᠵᠠᠷᠤᠳ ᠭᠠᠴᠠᠭᠠᠨ ᠤ  ᠪᠠᠰᠠ ᠨᠢᠭᠡ ᠬᠡᠰᠡᠭ ᠡᠯᠡᠰᠦᠷᠬᠡᠭᠵᠢᠭᠰᠡᠨ ᠪᠡᠯᠴᠢᠭᠡᠷ ᠢ ᠲᠠᠪᠤᠨ ᠵᠢᠯ ᠤᠨ ᠳᠣᠲᠤᠷ᠎ᠠ ᠥᠪᠴᠢ ᠨᠣᠭᠤᠭᠠᠷᠠᠭᠤᠯᠬᠤ ᠪᠠᠷ ᠲᠥᠯᠥᠪᠯᠡᠵᠦ᠂ ᠪᠠᠰᠠ ᠴᠤ ᠨᠠᠩ ᠣᠯᠠᠨ ᠬᠠᠯᠠᠭᠤᠨ ᠰᠡᠳᠬᠢᠯ ᠲᠠᠢ ᠬᠥᠮᠦᠰ ᠪᠠ ᠵᠠᠯᠠᠭᠤᠴᠤᠳ ᠢ ᠵᠣᠬᠢᠶᠠᠨ ᠪᠠᠶᠢᠭᠤᠯᠵᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠶᠯᠡᠰ ᠲᠤ ᠣᠷᠣᠯᠴᠠᠭᠤᠯᠬᠤ᠂ ᠴᠡᠪᠡᠷᠯᠡᠭᠡ ᠶᠢᠨ ᠠᠵᠢᠯᠴᠢᠨ ᠵᠡᠷᠭᠡ ᠪᠠᠭᠤᠷᠠᠶᠢᠴᠤᠤᠯ ᠳᠤ ︽ᠬᠠᠶᠢᠷ᠎ᠠ ᠬᠠᠯᠠᠮᠵᠢ ᠶᠢᠨ ᠥᠷᠲᠡᠭᠡ︾ ᠪᠠᠶᠢᠭᠤᠯᠬᠤ ᠪᠠᠷ ᠴᠢᠷᠮᠠᠶᠢᠵᠤ ᠪᠤᠢ᠃    ︽ᠤᠯᠠᠨ ᠤ ᠬᠦᠴᠦᠨ ᠳᠤ ᠤᠪᠤᠭ᠎ᠠ ᠪᠣᠰᠤᠨ᠎ᠠ︾ ᠭᠡᠳᠡᠭᠴᠢᠯᠡᠨ ︽ᠬᠤᠰᠢᠭᠤᠴᠢ︾  ᠬᠤᠯᠪᠤᠭ᠎ᠠ ᠨᠢ ᠪᠤᠶᠠᠨ ᠤ ᠦᠢᠯᠡᠰ ᠲᠤ ᠦᠷᠭᠦᠯᠵᠢᠯᠡᠨ ᠬᠤᠰᠢᠭᠤᠴᠢᠯᠠᠵᠤ᠂ ᠨᠡᠩ ᠤᠯᠠᠨ ᠪᠠᠭᠤᠷᠠᠶᠢᠴᠤᠤᠯ ᠢ ᠬᠠᠪᠰᠤᠷᠤᠨ ᠳᠡᠮᠵᠢᠵᠤ᠂ ᠡᠶ᠎ᠡ ᠵᠣᠬᠢᠴᠠᠩᠭᠤᠢ ᠨᠡᠶᠢᠭᠡᠮ ᠢ ᠬᠠᠮᠲᠤ ᠪᠠᠷ ᠴᠤᠭᠴᠠᠯᠠᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠠᠮᠲᠤ ᠪᠠᠷ ᠦᠢᠯᠡᠳᠦᠯᠭᠡᠵᠢᠭᠦᠯᠵᠦ᠂ ᠰᠢᠯᠤᠭᠤᠨ ᠬᠦᠬᠡ ᠬᠤᠰᠢᠭᠤᠨ ᠤ ᠪᠠᠨ ᠢᠷᠡᠭᠡᠳᠦᠢ ᠶᠢᠨ ᠰᠠᠶᠢᠨ ᠰᠠᠶᠢᠬᠠᠨ ᠳᠤ ᠪᠠᠯᠠᠷᠠᠰᠢ ᠦᠭᠡᠢ ᠬᠦᠴᠦ ᠨᠡᠮᠡᠷᠢᠯᠡᠬᠦ ᠪᠠᠷ ᠠᠵᠢᠯᠯᠠᠭᠰᠠᠭᠠᠷ ᠁ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号