ᠠᠳᠤᠭᠤ ᠮᠠᠯᠵᠢᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠡᠷᠴᠢᠮᠳᠠᠢ  ᠶᠠᠪᠤᠠᠠᠳᠠᠵᠦ ᠪᠠᠶᠢᠨ᠎ᠠ
ᠨᠡᠶᠢᠲᠡᠯᠡᠭᠰᠡᠨ ᠴᠠᠭ᠄
2024/6/6
    ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ᠂ ᠠᠷᠠᠳ ᠲᠤ ᠠᠰᠢᠭᠲᠠᠶ ᠠᠵᠤ ᠦᠶᠯᠡᠰ ᠢ ᠰᠦᠪᠡᠭᠴᠢᠯᠡᠨ ᠬᠥᠭᠵᠢᠭᠦᠯᠬᠦ ᠶᠢᠨ ᠲᠤᠰᠠᠳᠠ᠂ ᠰᠢᠯᠤᠭᠤᠨ ᠬᠥᠬᠡ ᠬᠤᠰᠢᠭᠤ ᠠᠳᠤᠭᠤᠨ ᠤ ᠡᠭᠦᠯᠳᠡᠷ ᠬᠠᠮᠠᠭᠠᠯᠠᠬᠤ ᠡᠭᠦᠯᠳᠡᠷ ᠪᠣᠶᠢᠵᠢᠭᠤᠯᠬᠤ᠂ ᠨᠡᠭᠡᠭᠡᠨ ᠠᠰᠢᠭᠯᠠᠬᠤ᠂ ᠠᠳᠤᠭᠤᠨ ᠤ ᠵᠢᠭᠤᠯᠴᠢᠯᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠠᠳᠤᠭᠤᠨ ᠰᠣᠶᠣᠯ ᠤᠨ ᠠᠭᠤᠯᠤᠭᠳᠠᠬᠤᠨ ᠢ ᠠᠭᠤᠳᠠᠯᠬᠤ ᠵᠡᠷᠭᠡ ᠲᠠᠯ᠎ᠠ ᠶᠢᠨ ᠲᠣᠭᠤᠷᠢᠨ ᠳᠤ ᠠᠳᠤᠭᠤᠨ ᠤ ᠠᠵᠤ ᠦᠶᠯᠡᠰ ᠤᠨ ᠢᠨᠵᠧᠨᠧᠷᠢᠩ ᠢ ᠬᠡᠷᠡᠭᠵᠢᠭᠦᠯᠵᠦ᠂ ᠠᠳᠤᠭᠤᠨ ᠤ ᠠᠵᠤ ᠦᠶᠯᠡᠰ ᠤᠨ ᠬᠥᠭᠵᠢᠯᠲᠡ ᠶᠢ ᠠᠬᠢᠭᠤᠯᠵᠦ ᠪᠣᠢ᠃   5 ᠰᠠᠷ᠎ᠠ ᠶᠢᠨ 23 ᠤ ᠡᠳᠦᠷ᠂ ᠰᠤᠷᠪᠤᠯᠵᠢᠯᠠᠭᠴᠢ ᠶᠤᠸᠠᠨ ᠤ ᠳᠡᠭᠡᠳᠦ ᠨᠡᠶᠢᠰᠯᠡᠯ ᠤᠨ ᠮᠠ ᠶᠤᠸᠠᠨ ᠰᠠᠶᠢᠨ ᠡᠭᠦᠯᠳᠡᠷ ᠤᠨ ᠠᠳᠤᠭᠤ  ᠮᠠᠯᠵᠢᠬᠤ ᠰᠠᠭᠤᠷᠢᠨ ᠭᠠᠵᠠᠷ ᠤᠨ ᠲᠥᠷᠥᠯ ᠵᠦᠶᠯ ᠤᠨ ᠪᠠᠷᠢᠯᠭ᠎ᠠ ᠶᠢᠨ ᠭᠠᠵᠠᠷ ᠲᠤ ᠬᠦᠷᠬᠦ  ᠳᠤ᠂ ᠠᠵᠢᠯᠴᠢᠳ ᠪᠠᠷᠢᠯᠭ᠎ᠠ ᠶᠢᠨ ᠠᠵᠢᠯ ᠳᠠᠭᠠᠨ ᠶᠠᠭᠠᠷᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠡᠮᠬᠢ ᠵᠢᠷᠤᠮ ᠲᠠᠢ ᠶᠠᠪᠤᠭᠳᠠᠵᠤ  ᠪᠠᠶᠢᠯ᠎ᠠ᠃ ᠲᠣᠰ ᠲᠥᠷᠥᠯ ᠵᠦᠶᠯ ‍ᠦᠨ‌‍ᠲ᠋ᠠᠯᠠᠪᠠᠶ ᠨᠢ 37200 ᠲᠡᠭᠰᠢ ᠳᠥᠷᠪᠡᠯᠵᠢᠨ ᠮᠧᠲᠷ ᠪᠠᠶᠢᠵᠤ᠂ ᠭᠤᠤᠯᠳᠠᠭᠤ ᠮᠣᠷᠢᠨ ᠡᠮᠨᠡᠯᠭᠡ ᠶᠢᠨ ᠲᠥᠪ᠂ ᠮᠣᠷᠢᠨ  ᠫᠧᠩ᠂ ᠴᠡᠭᠡ ᠰᠤᠳᠤᠯᠤᠨ ᠨᠡᠭᠡᠭᠡᠬᠦ ᠲᠥᠪ ᠵᠡᠷᠭᠡ ᠶᠢ ᠪᠠᠶᠢᠭᠤᠯᠵᠤ᠂ ᠰᠠᠶᠢᠨ ᠡᠭᠦᠯᠳᠡᠷ ᠤᠨ ᠮᠣᠷᠢ᠂ ᠮᠣᠩᠭᠤᠯ  ᠮᠤᠷᠢ ᠪᠠ ᠡᠭᠦᠯᠳᠡᠷ ᠬᠠᠮᠠᠭᠠᠯᠠᠬᠤ  ᠲᠥᠷᠥᠯ ᠵᠥᠢᠯ ᠢ  ᠪᠠᠭᠳᠠᠭᠠᠵᠤ ᠪᠤᠢ᠃   ᠶᠤᠸᠠᠨ ᠤ ᠳᠡᠭᠡᠳᠦ ᠨᠡᠶᠢᠰᠯᠡᠯ ᠠᠳᠤᠭᠤᠨ ᠬᠦᠷᠢᠶᠡᠯᠡᠩ ᠤᠨ ᠲᠦᠷᠦᠯ ᠵᠦᠢᠯ ᠤᠨ ᠬᠠᠷᠢᠭᠤᠴᠠᠯᠭᠠᠲᠠᠨ ᠵᠢᠶᠠ ᠮᠧᠢ ᠶᠠᠩ᠄  ︽ᠶᠤᠸᠠᠨ ᠤ ᠳᠡᠭᠡᠳᠦ ᠨᠡᠶᠢᠰᠯᠡᠯ ᠤᠨ ᠠᠳᠤᠭᠤᠨ ᠬᠦᠷᠢᠶᠡᠯᠡᠩ ᠤᠨ ᠲᠦᠷᠦᠯ ᠵᠦᠢᠯ ᠢ ᠡᠨᠡ ᠵᠢᠯ ᠤᠨ 3 ᠰᠠᠷ᠎ᠠ ᠶᠢᠨ 20 ᠤ ᠡᠳᠦᠷ ᠠᠴᠠ  ᠠᠵᠢᠯ ᠡᠬᠢᠯᠡᠭᠦᠯᠵᠡᠢ᠂ 18 ᠲᠦᠮᠡᠨ ᠲᠡᠭᠰᠢ ᠳᠥᠷᠪᠡᠯᠵᠢᠨ  ᠮᠧᠲᠷ ᠤᠨ ᠲᠠᠯᠠᠪᠠᠢ ᠦᠨᠳᠦᠰᠦᠨ ᠳᠡᠭᠡᠨ ᠨᠢᠭᠡ ᠬᠡᠰᠡᠭ ᠨᠢ ᠳᠠᠭᠤᠰᠴᠤ᠂ ᠵᠠᠭᠤ ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠣᠳᠣᠬᠠᠨ ᠳᠤ 3000 ᠭᠠᠷᠤᠢ ᠲᠡᠭᠰᠢ ᠳᠥᠷᠪᠡᠯᠵᠢᠨ ᠮᠧᠲᠷ ᠤᠨ ᠠᠳᠤᠭᠤᠨ ᠬᠠᠰᠢᠶ᠎ᠠ ᠶᠢᠨ ᠪᠦᠲᠦᠭᠡᠨ ᠪᠠᠶᠢᠭᠤᠯᠤᠯᠲᠠ ᠶᠠᠭ ᠶᠠᠪᠤᠭᠳᠠᠵᠤ ᠪᠠᠶᠢᠨ᠎ᠠ᠂ ᠡᠭᠦᠨ ᠤ ᠬᠠᠮᠲᠤ ᠠᠳᠤᠭᠤᠨ ᠤ ᠦᠷᠡᠵᠢᠭᠦᠯᠦᠨ ᠪᠣᠶᠢᠵᠢᠭᠤᠯᠬᠤ ᠠᠵᠢᠯ ᠴᠤ ᠶᠠᠪᠤᠭᠳᠠᠵᠤ ᠪᠠᠶᠢᠨ᠎ᠠ ︾ ᠬᠡᠯ᠎ᠡ᠃    ᠶᠤᠸᠠᠨ ᠤ ᠳᠡᠭᠡᠳᠦ ᠨᠡᠶᠢᠰᠯᠡᠯ ᠮᠠ ᠶᠤᠸᠠᠨ ᠠᠳᠤᠭᠤᠨ ᠤ ᠥᠢᠯᠡᠰ ᠤᠨ ᠲᠦᠷᠦᠯ ᠵᠦᠢᠯ ᠨᠢ ᠰᠢᠯᠤᠭᠤᠨ ᠬᠦᠬᠡ ᠬᠤᠰᠢᠭᠤᠨ ᠤ ᠱᠠᠩᠳᠤ ᠪᠠᠯᠭᠠᠰᠤᠨ ᠳᠤ ᠪᠠᠶᠢᠷᠢᠯᠠᠵᠤ᠂  ᠶᠡᠷᠦᠩᠬᠡᠢ ᠪᠡᠯᠡ ᠣᠷᠣᠭᠤᠯᠤᠯᠲᠠ ᠨᠢ1.5ᠳ᠋ᠦᠩᠰᠢᠭᠤᠷ ᠲᠥᠭᠦᠷᠢᠭ ᠲᠤ ᠬᠦᠷᠴᠦ᠂  ᠰᠠᠶᠢᠨ ᠡᠭᠦᠯᠳᠡᠷ ᠤᠨ ᠠᠳᠤᠭᠤ  ᠮᠠᠯᠵᠢᠬᠤ ᠰᠠᠭᠤᠷᠢᠨ ᠭᠠᠵᠠᠷ  ᠤᠨ ᠡᠯ᠎ᠡ ᠵᠦᠶᠯ ᠤᠨ ᠪᠥᠲᠥᠭᠡᠨ ᠪᠠᠶᠢᠭᠤᠯᠤᠯᠲᠠ ᠶᠠᠭ  ᠶᠠᠪᠤᠠᠠᠳᠠᠨ᠂ 7 ᠰᠠᠷ᠎ᠠ ᠶᠢᠨ ᠳᠤᠮᠳᠠᠴᠢ ᠪᠠᠷ ᠠᠵᠢᠯ ᠡᠬᠢᠯᠡᠭᠦᠯᠬᠦ ᠪᠠᠷ ᠲᠦᠯᠦᠪᠯᠡᠨ᠂ ᠲᠥᠯᠥᠪᠵᠢᠭᠦᠯᠦᠭᠰᠡᠨ ᠲᠠᠯᠠᠪᠠᠶ ᠨᠢ 23360 ᠲᠡᠭᠰᠢ ᠳᠥᠷᠪᠡᠯᠵᠢᠨ ᠮᠧᠲᠷ ᠪᠠᠶᠢᠵᠤ᠂ ᠪᠠᠰᠠ ᠵᠠᠯᠠᠭᠤᠴᠤᠳ ᠪᠠᠭᠠᠴᠤᠳ ᠤᠨ ᠮᠣᠷᠢ ᠤᠨᠤᠬᠤ‌ᠣᠷᠳᠣᠨ᠂ ᠵᠤᠭᠠᠴᠠᠭᠰᠠᠳ ᠲᠤ ᠦᠶᠯᠡᠴᠢᠯᠡᠬᠦ ᠲᠥᠪ᠂ ᠦᠵᠡᠮᠵᠢ‌‍ᠰᠣᠨᠢᠷᠬᠠᠬᠤ  ᠵᠠᠮ ᠵᠡᠷᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠪᠠᠭᠳᠠᠵᠦ ᠪᠠᠶᠢᠨ᠎ᠠ᠃    ᠰᠢᠯᠣᠭᠤᠨ ᠬᠥᠬᠡ ᠬᠤᠰᠢᠭᠤ ᠨᠢ ᠣᠳᠣ ᠦᠶ᠎ᠡ ᠶᠢᠨ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠳᠤᠭᠤᠨ ᠰᠣᠶᠣᠯ ᠢᠶᠠᠷ ᠭᠤᠣᠯ ᠪᠣᠯᠭᠠᠭᠰᠠᠨ ᠰᠣᠶᠣᠯ ᠵᠢᠭᠤᠯᠴᠢᠯᠠᠯ ᠢ ᠤᠶᠠᠯᠳᠤᠭᠤᠯᠤᠭᠰᠠᠨ  ᠶᠤᠸᠠᠨ ᠤ  ᠲᠡᠬᠡᠳᠦ ᠨᠡᠶᠢᠰᠯᠡᠯ ᠠᠳᠤᠭᠤᠨ ᠬᠦᠷᠢᠶᠡᠯᠡᠩ  ᠤᠨ ᠲᠥᠷᠥᠯ ᠵᠦᠢᠯ ᠢ ᠬᠦᠴᠦᠯᠡᠨ ᠪᠠᠶᠢᠭᠤᠯᠵᠤ᠂ ᠠᠳᠤᠭᠤᠨ ᠤ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠬᠦ  ᠪᠠ ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ  ᠪᠣᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号