ᠵᠢᠭᠠᠰᠣᠳᠠᠢ ᠰᠤᠮᠤ21.3ᠲᠦᠮᠡᠨ ᠮᠦ ᠡᠯᠡᠰᠦ ᠶᠢ ᠰᠡᠷᠭᠡᠶᠢᠯᠡᠨ ᠵᠠᠰᠠᠬᠤ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/7/10
     ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠎ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢᠯᠤᠭᠤᠨ ᠬᠥᠬᠡ ᠬᠤᠰᠢᠭᠤᠨ ᠤ ᠵᠢᠭᠠᠰᠤᠲᠠᠶ ᠰᠤᠮᠤ 21.3 ᠲᠦᠮᠡᠨ ᠮᠥ ᠡᠯᠡᠰᠦ ᠶᠢ ᠰᠡᠷᠭᠡᠶᠢᠯᠡᠨ ᠵᠠᠰᠠᠬᠤ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠬᠦᠯᠦᠭᠰᠡᠨ ᠪᠠᠶᠢᠨ᠎ᠠ᠃  ᠵᠢᠭᠠᠰᠣᠳᠠᠢ ᠰᠤᠮᠤ ᠪᠣᠯ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠥᠷᠥᠴᠡᠨ ᠳᠤ ᠪᠠᠶᠢᠷᠢᠯᠠᠵᠤ᠂ ᠪᠥᠬᠦ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ 15%᠎ ᠶᠢ ᠡᠵᠡᠯᠡᠵᠦ ᠪᠠᠶᠢᠳᠠᠭ᠃ ᠡᠯᠡᠰᠦ ᠮᠠᠩᠬ᠎ᠠ ᠶᠢ ᠪᠦᠲᠦᠮᠵᠢᠲᠡᠢ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠶᠢ ᠰᠠᠶᠢᠵᠢᠷᠠᠭᠤᠯᠬᠤ ᠶᠢᠨ ᠲᠥᠯᠥᠭᠡ᠂ ᠵᠢᠭᠠᠰᠤᠲᠠᠢ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠰᠢᠭᠤ ᠨᠠᠮ ᠤᠨ ᠬᠤᠷᠢᠶ᠎ᠠ᠂ ᠵᠠᠰᠠᠭ ‍ᠤᠨ‌ᠣᠷᠳᠣᠨ ᠤ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠢᠳᠡᠪᠬᠢᠲᠡᠢ ᠬᠥᠳᠡᠯᠦᠯᠴᠡᠵᠦ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢ ᠭᠡᠷᠡᠯ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ 3.8 ᠲᠦᠮᠡᠨ ᠮᠤ᠋᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ‌ᠵᠠᠰᠠᠬᠤ17.5ᠲᠦᠮᠡᠨ‌ᠮᠤ ᠶᠢ ᠡᠷᠡᠮᠡᠯᠵᠡᠯᠡᠨ ᠮᠡᠳᠡᠬᠦᠯᠵᠦ᠂ ᠡᠨᠡ ᠬᠤᠶᠠᠷ ᠲᠥᠷᠥᠯ ᠵᠦᠶᠯ ᠨᠢ ᠴᠥᠮ ᠮᠠᠯᠴᠢᠳ ᠤᠨ ᠬᠤᠷᠰᠢᠶᠠᠵᠢᠯ ᠢᠶᠠᠷ ᠬᠡᠷᠡᠭᠵᠢᠭᠦᠯᠬᠦ ᠭᠤᠤᠯ ᠴᠣᠭᠴᠠ ᠪᠣᠯᠭᠠᠵᠤ᠂ ᠪᠢᠲᠡᠭᠦᠮᠵᠢᠯᠡᠨ‌‍ᠬᠥ᠋ᠷᠢᠶᠡᠯᠡᠬᠦ᠂ ᠪᠣᠷᠲᠣᠭᠤᠷ‌ᠣᠷᠣᠭᠤᠯᠵᠤ ᠰᠠᠶᠢᠵᠢᠷᠠᠭᠤᠯᠬᠤ᠂ ᠡᠯᠡᠰᠦᠨ ᠤ ᠬᠠᠯᠬᠠᠪᠴᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠵᠤ᠂ ᠣᠲᠣ 140 ᠭᠠᠷᠤᠶ ᠬᠥᠮᠦᠨ᠂ 12 ᠲᠡᠷᠭᠡ ᠲᠥᠬᠦᠭᠡᠷᠦᠮᠵᠢ ᠠᠵᠢᠯᠯᠠᠵᠦ ᠪᠣᠶ᠃    ᠪᠠᠶᠠᠨᠪᠤᠯᠠᠭ ᠭᠠᠴᠠᠭᠠᠨ ᠤ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠶᠯ ᠤᠨ ᠲᠣᠭᠤᠷᠢᠭ ᠤᠨ ᠠᠬᠤᠶ ᠲᠠᠯᠠᠪᠠᠶ ᠎ ᠳᠤ ᠬᠦᠷᠬᠦ ᠳᠤ᠂ ᠵᠠᠭᠤ ᠭᠠᠷᠤᠶ‌‍ᠬᠥ᠋ᠮᠦᠰ ᠶᠠᠭ ᠱᠤᠭᠤᠮ ᠵᠢᠷᠤᠵᠤ᠂ ᠭᠤᠤ ᠮᠠᠯᠳᠠᠨ᠂ ᠲᠡᠮᠦᠷ ᠤᠲᠠᠰᠤ ᠲᠠᠲᠠᠬᠤ᠂ ᠬᠠᠰᠢᠯᠭ᠎ᠠ ᠪᠠᠷᠢᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠶᠠᠭᠠᠷᠠᠯᠲᠠᠶ ᠬᠢᠵᠦ ᠪᠠᠶᠢᠯ᠎ᠠ᠃    ᠪᠠᠶᠠᠨᠪᠤᠯᠠᠭ ᠭᠠᠴᠠᠭᠠᠨ ᠤ ᠮᠠᠯᠴᠢᠨ ᠡᠦ ᠼᠠᠢ᠂ ᠡᠨᠡ ᠵᠢᠯ ᠮᠠᠨ ᠤ ᠰᠤᠮᠤᠨ ᠤ ᠡᠯᠡᠰᠦ ᠵᠠᠰᠠᠬᠤ ᠢᠨᠵᠧᠨᠧᠷᠢᠩ ᠡᠬᠢᠯᠡᠭᠰᠡᠨ ᠤ ᠳᠠᠷᠠᠭ᠎ᠠ᠂ ᠪᠢᠳᠡ ᠡᠯᠡᠰᠦ ᠵᠠᠰᠠᠬᠤ ᠠᠵᠢᠯ ᠳᠤ ᠣᠷᠣᠯᠴᠠᠭᠰᠠᠭᠠᠷ ᠢᠷᠡᠵᠡᠶ᠂ ᠢᠩᠭᠢᠪᠡᠯ ᠮᠠᠯᠴᠢᠳ ᠨᠢᠭᠡ ᠲᠠᠯ᠎ᠠ ᠪᠠᠷ ᠨᠤᠲᠤᠭ ᠤᠰᠤᠨ ᠤ ᠪᠠᠨ ᠠᠮᠢ ᠠᠬᠤᠶ ᠶᠢ ᠰᠠᠶᠢᠵᠢᠷᠠᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠨᠥᠭᠦᠭᠡ ᠲᠠᠯ᠎ᠠ ᠪᠠᠷ ᠥᠪᠡᠷ ᠤᠨ ᠣᠷᠣᠯᠭ᠎ᠠ ᠪᠠᠨ ᠨᠡᠮᠡᠭᠳᠡᠭᠦᠯᠵᠦ ᠴᠢᠳᠠᠨ᠎ᠠ ᠬᠡᠯ᠎ᠡ᠃    ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ ᠵᠢᠭᠠᠰᠤᠲᠠᠶ ᠰᠤᠮᠤ ᠣᠯᠠᠨ ᠡᠰᠢᠴᠢᠯᠡᠭᠰᠡᠨ ᠵᠠᠭᠪᠤᠷ ᠢ ᠬᠡᠷᠡᠭᠯᠡᠵᠦ᠂ ᠮᠠᠯᠴᠢᠳ ᠤᠨ ᠢᠳᠡᠪᠬᠢᠵᠢᠯ ᠢ ᠭᠦᠶᠴᠡᠳ ᠳᠠᠶᠢᠴᠢᠯᠠᠭᠰᠠᠨ ᠪᠠᠶᠢᠨ᠎ᠠ᠃ ᠡᠭᠦᠨ ᠳᠤ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢ ᠭᠡᠷᠡᠯ ᠢ ᠨᠢᠭᠡ ᠴᠣᠭᠴᠠᠵᠢᠭᠤᠯᠬᠤ ᠢᠨᠵᠧᠨᠧᠷᠢᠩ3.8 ᠲᠦᠮᠡᠨ ᠮᠥ ᠶᠢ ᠵᠢᠭᠠᠰᠤᠲᠠᠶ ᠰᠤᠮᠤᠨ ᠤ ᠪᠠᠶᠠᠨᠪᠤᠯᠠᠭ ᠭᠠᠴᠠᠭᠠᠨ ᠤ ᠬᠤᠯᠪᠣᠭ᠎ᠠ ᠲᠡᠵᠢᠭᠡᠨ ᠦᠷᠡᠵᠢᠭᠦᠯᠬᠦ ᠬᠤᠷᠰᠢᠶᠠᠵᠢᠯ ᠲᠦᠷᠦᠭᠦᠯᠡᠨ ᠬᠡᠷᠡᠭᠵᠢᠭᠦᠯᠵᠦ᠂ ︽ᠬᠤᠷᠰᠢᠶᠠᠵᠢᠯ + ᠮᠠᠯᠴᠢᠨ ᠲᠠᠷᠢᠶᠠᠴᠢᠨ︾᠎ ᠤ ᠡᠯᠡᠰᠦ ᠮᠠᠩᠬ᠎ᠠ ᠶᠢ ᠵᠠᠰᠠᠬᠤ ᠵᠠᠭᠪᠤᠷ ᠢ ᠪᠦᠲᠦᠭᠡᠯᠴᠢ ᠪᠠᠷ ᠬᠡᠷᠡᠭᠯᠡᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠱᠠᠩᠨᠠᠯ ᠣᠯᠭᠤᠬᠤ ᠪᠠᠷ ᠨᠥᠬᠦᠪᠥᠷᠢ ᠥᠭᠬᠦ ᠶᠢ ᠣᠷᠣᠯᠠᠭᠤᠯᠬᠤ  ᠶᠢ ᠤᠶᠠᠯᠳᠤᠭᠤᠯᠥᠨ‌ᠮᠠᠯᠴᠢᠳ ᠤᠨ ᠣᠷᠣᠯᠴᠠᠬᠤ ᠢᠳᠡᠪᠬᠢᠵᠢᠯ ᠶᠢ ᠬᠥᠢᠴᠡᠥᠨ ᠲᠠᠶᠢᠴᠢᠯᠠᠵᠤ ᠪᠠᠶᠢᠨ᠎ᠠ᠃    ᠪᠠᠶᠠᠨᠪᠤᠯᠠᠭ ᠭᠠᠴᠠᠭᠠᠨ ᠤ ᠨᠠᠮ ᠤᠨ ᠡᠭᠦᠷ ᠤᠨ ᠱᠦᠵᠢ ᠰᠣᠳᠣᠰᠡᠴᠡᠨ᠄ ︽ᠮᠠᠨ ᠤ ᠭᠠᠴᠠᠭ᠎ᠠ ᠡᠨᠡ ᠵᠢᠯ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠵᠠᠰᠠᠯᠲᠠ ᠶᠢᠨ ᠢᠨᠵᠧᠨᠧᠷᠢᠩ ᠢ ᠡᠷᠡᠮᠡᠯᠵᠡᠯᠡᠵᠦ᠂ 48 ᠡᠷᠦᠬᠡ ᠶᠢᠨ 38205 ᠮᠦ ᠭᠠᠵᠠᠷ  ᠲᠤ ᠬᠤᠯᠪᠣᠭᠳᠠᠪᠠ᠃ ᠣᠳᠣᠬᠠᠨ ᠳᠤ 80 ᠭᠠᠷᠤᠶ ᠮᠠᠯᠴᠢᠨ ᠲᠠᠷᠢᠶᠠᠴᠢᠨ ᠨᠢᠭᠡᠨᠲᠡ 1160 ᠮᠥ ᠡᠯᠡᠰᠦᠷᠬᠡᠭ ᠭᠠᠵᠠᠷ ᠢ ᠵᠠᠰᠠᠵᠦ᠂ 30 ᠮᠠᠯᠴᠢᠳ ᠵᠢᠷᠭᠤᠭᠠᠨ ᠳᠤᠭᠤᠶᠢᠯᠠᠩ ᠬᠤᠪᠢᠶᠠᠵᠤ 420 ᠪᠦᠯᠦᠭ ᠬᠦᠷᠢᠶ᠎ᠡ ᠬᠠᠰᠢᠶ᠎ᠠ ᠪᠠᠶᠢᠭᠤᠯᠣᠨ᠂ ᠠᠵᠢᠯ ᠡᠬᠢᠯᠡᠭᠦᠯᠦᠭᠰᠡᠨ ᠠᠴᠠ ᠨᠠᠭᠠᠰᠢ ᠬᠥᠮᠦᠨ ᠳᠤᠮᠳᠠᠴᠢ ᠶᠢᠨ ᠡᠳᠦᠷ ᠤᠨ ᠣᠷᠣᠯᠭ᠎ᠠ 400 ᠭᠠᠷᠤᠶ ᠲᠥᠭᠦᠷᠢᠭ ᠎ ᠲᠤ ᠬᠦᠷᠴᠡᠶ︾ ᠬᠡᠯ᠎ᠡ᠃    ᠰᠢᠯᠢ ᠶᠢᠨ ᠭᠤᠤᠯ ᠠᠶᠢᠮᠠᠭ ᠤᠨ ︽ᠥᠪᠥᠷ ᠮᠣᠩᠭᠤᠯ ᠾᠧᠪᠧᠶ ᠶᠢᠨ ᠵᠠᠭᠠᠭ︾ ᠪᠣᠯᠬᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ 17.5ᠲᠦᠮᠡᠨ ᠮᠥ ᠶᠢᠨ ᠵᠠᠰᠠᠯᠲᠠ ᠶᠢᠨ ᠳᠤᠮᠳᠠ᠂ ᠲᠣᠰ ᠰᠤᠮᠤᠨ ᠤ ᠪᠠᠶᠠᠨ ᠤᠯᠠᠭᠠᠨ᠂ ᠪᠠᠶᠠᠨᠨᠠᠭᠤᠷ᠂ ᠰᠠᠶᠢᠬᠠᠨᠨᠠᠭᠤᠷ᠂ ᠪᠠᠶᠠᠨᠬᠠᠩᠭᠠᠶ ᠭᠠᠴᠠᠭ᠎ᠠ ᠨᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠣᠰ ᠲᠣᠰ ᠠᠳᠠᠯᠢ ᠪᠤᠰᠤ ᠵᠠᠰᠠᠯᠲᠠ ᠶᠢᠨ ᠵᠠᠭᠪᠤᠷ ᠢ ᠠᠪᠤᠭᠰᠠᠨ ᠪᠠᠶᠢᠨ᠎ᠠ᠃ ᠰᠠᠶᠢᠬᠠᠨᠨᠠᠭᠤᠷ ᠭᠠᠴᠠᠭ᠎ᠠ ᠬᠤᠷᠰᠢᠶᠠᠵᠢᠯ + ᠮᠠᠯᠴᠢᠨ ᠲᠠᠷᠢᠶᠠᠴᠢᠨ︾᠎ ᠤ ᠬᠡᠪ ᠵᠠᠭᠪᠤᠷ ᠢᠶᠠᠷ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠮᠠᠯᠴᠢᠳ ᠤᠨ ᠦᠶᠯᠡᠳᠦᠯᠭᠡ ᠶᠢᠨ ᠲᠤᠷᠰᠢᠯᠭ᠎ᠠ ᠶᠢ ᠭᠦᠶᠴᠡᠳ ᠪᠠᠳᠠᠷᠠᠭᠤᠯᠵᠦ᠂ ᠪᠠᠶᠠᠨᠬᠠᠩᠭᠠᠶ ᠭᠠᠴᠠᠭ᠎ᠠ ᠪᠠ ᠪᠠᠶᠠᠨᠨᠠᠭᠤᠷ ᠭᠠᠴᠠᠭ᠎ᠠ ︽ᠬᠤᠪᠢᠴᠠᠭᠠᠲᠤ ᠳᠦᠷᠢᠮᠲᠦ ᠠᠵᠤ ᠠᠬᠤᠶ ᠶᠢᠨ ᠬᠤᠷᠰᠢᠶᠠᠵᠢᠯ + ᠠᠵᠤ ᠠᠬᠤᠶᠢᠯᠠᠯ︾᠎ ᠤᠨ ᠵᠠᠭᠪᠤᠷ ᠢ ᠬᠡᠷᠡᠭᠯᠡᠨ᠂ ᠠᠵᠤ ᠠᠬᠤᠶᠢᠯᠠᠯ ᠤᠨ ᠪᠠᠯᠠ ᠮᠥᠩᠭᠦ ᠪᠠ ᠮᠡᠷᠭᠡᠵᠢᠯ ᠤᠨ ᠳᠡᠮᠵᠢᠯᠭᠡ ᠶᠢ ᠲᠡᠳᠡᠨ ᠣᠷᠣᠭᠤᠯᠵᠦ᠂ ᠪᠠᠶᠠᠨ ᠤᠯᠠᠭᠠᠨ ᠭᠠᠴᠠᠭ᠎ᠠ ᠬᠤᠪᠢ ᠣᠷᠣᠭᠤᠯᠬᠤ ᠳᠦᠷᠢᠮᠲᠦ ᠠᠵᠤ ᠠᠬᠤᠶ ᠶᠢᠨ ᠬᠤᠷᠰᠢᠶᠠᠵᠢᠯ ᠤᠨ ᠵᠠᠭᠪᠤᠷ ᠢᠶᠠᠷ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃    ᠵᠢᠭᠠᠰᠣᠳᠠᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠡᠦ ᠠᠴᠢᠯᠠᠯᠳᠣ᠄ ︽ᠶᠡᠷᠦᠩᠬᠡᠶ ᠱᠦᠵᠢ ᠰᠢ ᠶᠢᠨ ᠫᠢᠩ ᠤᠨ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠬᠤ ᠪᠠ ︿ᠭᠤᠷᠪᠠᠨ ᠤᠮᠠᠷᠠᠲᠤ﹀ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ‌‍ᠲ᠋ᠣᠭᠤᠰᠢᠯᠠᠭᠤᠯᠬᠤ ᠶᠢᠨ ᠲᠥᠯᠥᠭᠡ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠶ ᠲᠣᠬᠢᠷᠠᠭᠤᠯᠤᠯᠲᠠ ᠳᠣᠤᠷ᠎ᠠ᠂ ᠵᠢᠭᠠᠰᠤᠲᠠᠶ ᠰᠤᠮᠤ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠢ ᠢᠯᠭᠤᠮ ᠶᠠᠪᠤᠠᠠᠳᠠᠭᠤᠯᠵᠤ ᠪᠠᠶᠢᠨ᠎ᠠ᠂ ᠲᠠᠷᠠᠭᠠᠴᠢ ᠶᠢᠨ ᠠᠯᠬᠤᠮ ᠳᠤ᠂ ᠮᠠᠨ ᠤ ᠰᠤᠮᠤ ᠲᠣᠰ ᠪᠡᠶ᠎ᠡ ᠶᠢᠨ ᠡᠭᠦᠷᠭᠡ ᠴᠢᠳᠠᠪᠬᠢ ᠶᠢᠨ ᠦᠶᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠢᠨᠵᠧᠨᠧᠷᠢᠩ ᠤᠨ ᠶᠠᠰᠤ ᠴᠢᠨᠠᠷ ᠢ ᠴᠢᠩᠭ᠎ᠠ ᠠᠳᠬᠤᠵᠤ᠂ ᠲᠥᠷᠥᠯ ᠵᠦᠶᠯ ‍ᠦᠨ‌ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︾ ᠬᠡᠯ᠎ᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号