| | | — ᠰᠢᠯᠤᠭᠤᠨ ᠬᠦᠭᠡ ᠬᠤᠰᠢᠭᠤᠨ ᠤ ᠨᠠᠷᠠᠳᠤ ᠰᠤᠮᠤᠨ ᠤ | ᠲᠤᠷᠵᠢᠰᠡᠷᠡᠩ ᠨᠠᠰᠤᠳᠠᠨ ᠢ ᠳᠡᠮᠳᠡᠭᠯᠡᠪᠡ | | ᠰᠢᠯᠤᠭᠤᠨ ᠬᠦᠭᠡ ᠬᠤᠰᠢᠭᠤᠨ ᠤ ᠨᠠᠷᠠᠲᠤ ᠰᠤᠮᠤᠨ ᠤ ᠳᠠᠭᠤᠲᠤ ᠨᠠᠭᠤᠷ ᠭᠠᠴᠠᠭᠠᠨ ᠤ ᠵᠤᠰᠠᠯᠠᠩ ᠳᠤ ᠪᠠᠶᠠᠨ | ᠨᠠᠭᠤᠷ ᠭᠡᠵᠦ ᠨᠠᠭᠤᠷ ᠤᠰᠤ ᠲᠠᠢ ᠰᠠᠶᠢᠬᠠᠨ ᠭᠠᠵᠠᠷ ᠪᠤᠢ᠃ ᠬᠤᠷᠢᠨ ᠲᠠᠪᠤᠨ ᠵᠢᠯ ᠤᠨ ᠡᠮᠦᠨ᠎ᠡ᠂ ᠨᠠᠭᠤᠷ ᠤᠨ | ᠡᠷᠭᠢᠨ ᠲᠣᠭᠤᠷᠢᠨ ᠳᠤ ᠨᠤᠷ᠎ᠠ ᠡᠯᠡᠰᠦ ᠪᠦᠷᠬᠦᠵᠦ᠂ ᠬᠠᠮᠠᠷ ᠬᠠᠳᠬᠤᠬᠤ ᠡᠪᠡᠰᠦ ᠦᠭᠡᠢ ᠬᠠᠯᠴᠠᠭᠠᠢ ᠪᠠᠶᠢᠵᠠᠢ᠃ | 1999 ᠣᠨ ᠤ ᠬᠠᠪᠤᠷ᠂ ᠲᠤᠷᠵᠢᠰᠡᠷᠡᠩ ᠨᠠᠰᠤᠲᠠᠨ ᠨᠤᠳᠤᠭ ᠤᠰᠤ ᠪᠠᠨ ᠦᠭᠡᠷᠡᠴᠢᠯᠡᠬᠦ ᠪᠠᠷ ᠰᠢᠢᠳᠴᠦ᠂ ᠡᠯᠡᠰᠦ | ᠶᠢ ᠵᠠᠰᠠᠬᠤ ᠬᠠᠲᠠᠭᠤᠵᠢᠯᠲᠠᠶ ᠠᠵᠢᠯ ᠢᠶᠠᠨ ᠡᠬᠢᠯᠡᠭᠦᠯᠦᠯ᠎ᠡ᠃ | ᠳᠠᠯ᠎ᠠ ᠶᠢᠨ ᠳᠠᠪᠠᠭ᠎ᠠ ᠶᠢ ᠳᠠᠪᠠᠭᠰᠠᠨ ᠲᠤᠷᠵᠢᠰᠡᠷᠡᠩ ᠨᠠᠰᠤᠳᠠᠨ ᠡᠨᠡ ᠡᠳᠦᠷ ᠭᠡᠷ ᠤᠨ ᠬᠥᠮᠦᠰ ᠤᠨ ᠢᠶᠠᠨ | ᠪᠠᠷ᠎ᠠ ᠪᠣᠯᠣᠯᠭ᠎ᠠ ᠲᠠᠢ ᠪᠠᠷ ᠵᠤᠰᠠᠯᠠᠩ ᠳᠠᠭᠠᠨ ᠬᠦᠷᠴᠦ ᠢᠷᠡᠯ᠎ᠡ᠃ ᠳᠡᠷᠡ ᠰᠤᠷᠪᠤᠯᠵᠢᠯᠠᠭᠴᠢ ᠳᠤ ᠡᠯᠡᠰᠦ ᠶᠢ | ᠵᠠᠰᠠᠭᠰᠠᠨ ᠥᠩᠭᠡᠷᠡᠯᠲᠡ ᠪᠠᠨ ᠶᠠᠷᠢᠬᠤ ᠳᠠᠭᠠᠨ ᠴᠢᠷᠠᠢ ᠳᠤᠨᠢ ᠥᠪᠡᠷ ᠤᠨ ᠡᠷᠭᠡ ᠦᠭᠡᠢ ᠤᠮᠤᠭ ᠪᠠᠭ᠋ᠠᠳᠤᠯᠲᠤ | ᠪᠠᠶᠢᠳᠠᠯ ᠢᠯᠡᠷᠡᠵᠦ ᠪᠠᠶᠢᠯ᠎ᠠ᠃ | 25 ᠵᠢᠯ ᠤᠨ ᠡᠮᠦᠨ᠎ᠡ ᠠᠳᠡᠬᠢ ᠨᠢ ᠰᠢᠯᠤᠭᠤᠨ ᠬᠥᠬᠡ ᠬᠤᠰᠢᠭᠤᠨ ᠤ ᠨᠠᠷᠠᠲᠤ ᠰᠤᠮᠤᠨ ᠤ ᠳᠠᠭᠤᠲᠤ ᠨᠠᠭᠤᠷ | ᠭᠠᠴᠠᠭᠠᠨ ᠤ ᠮᠠᠯᠴᠢᠳ ᠤᠨ ᠬᠠᠮᠲᠤ ᠶᠢᠨ ᠵᠤᠰᠠᠯᠠᠩ ᠪᠠᠶᠢᠵᠠᠶ᠃ ᠠᠭᠤᠷ ᠠᠮᠢᠰᠬᠤᠯ ᠤᠨ ᠬᠤᠪᠢᠷᠠᠯᠲᠠ᠂ | ᠬᠡᠲᠦᠷᠡᠲᠡᠯ᠎ᠡ ᠮᠠᠯᠵᠢᠭᠰᠠᠨ ᠵᠡᠷᠭᠡ ᠬᠥᠮᠦᠨ ᠪᠠ ᠪᠠᠶᠢᠭᠠᠯᠢ ᠶᠢᠨ ᠨᠥᠯᠥᠭᠡ ᠠᠴᠠ ᠪᠣᠯᠵᠣ᠂ ᠠᠳᠡᠬᠢ ᠠᠮᠢ ᠠᠬᠤᠢ | ᠠᠭᠠᠵᠢᠮ ᠢᠶᠠᠷ ᠮᠠᠭᠤᠳᠠᠵᠤ᠂ ᠬᠥᠷᠥᠰᠥ ᠰᠢᠷᠣᠶ ᠶᠢᠨ ᠢᠳᠡᠭᠳᠡᠯ ᠬᠡᠴᠡᠭᠦᠳᠡᠨ᠂ ᠬᠦᠨᠳᠦ ᠨᠣᠴᠢᠲᠠᠶ ᠡᠯᠡᠰᠦᠷᠬᠡᠭᠵᠢᠯ ᠢ | ᠪᠣᠶ ᠪᠤᠯᠭᠠᠭᠰᠠᠨ ᠪᠠᠶᠢᠨ᠎ᠠ᠃ ᠦᠷ᠎ᠡ ᠬᠡᠦᠬᠡᠳ ᠲᠡᠭᠡᠨ ᠠᠭᠤᠯᠠ ᠤᠰᠤ ᠪᠠᠨ ᠬᠥᠬᠡᠮᠳᠦᠭ ᠨᠣᠭᠤᠭᠠᠨ ᠢᠶᠠᠷ ᠨᠢ | ᠦᠪᠯᠡᠭᠦᠯᠦᠨ ᠦᠯᠡᠳᠡᠭᠡᠭᠦ ᠶᠢ ᠪᠤᠳᠤᠭᠰᠠᠨ ᠲᠤᠷᠵᠢᠰᠡᠷᠡᠩ ᠨᠠᠰᠤᠳᠠᠨ ᠬᠤᠰᠢᠭᠤ᠂ ᠰᠤᠮᠤᠨ ᠠᠴᠠ ᠲᠠᠷᠬᠠᠭᠠᠭᠰᠠᠨ | 8000 ᠲᠥᠭᠦᠷᠢᠭ ᠤᠨ ᠡᠯᠡᠰᠦ ᠶᠢ ᠵᠠᠰᠠᠬᠤ ᠵᠢᠭᠡᠯᠡᠯᠭᠡ ᠶᠢ ᠠᠰᠢᠭᠯᠠᠨ ᠤᠷᠢᠳᠠᠪᠠᠷ 700 ᠮᠦ ᠭᠠᠵᠠᠷ ᠢ | ᠡᠳᠡᠭᠡᠷᠡᠭᠦᠯᠦᠨ ᠵᠠᠰᠠᠵᠤ᠂ ᠲᠤᠰ ᠵᠢᠯ ᠤᠨ ᠬᠢᠨᠢ ᠨᠠᠮᠤᠷ ᠪᠣᠯᠬᠤ ᠳᠤ ᠦᠷ᠎ᠡ ᠠᠰᠢᠭ ᠮᠡᠳᠡᠭᠳᠡᠮ᠎ᠡ ᠪᠤᠯᠤᠭᠰᠠᠨ ᠪᠠᠶᠢᠨ᠎ᠠ᠃ | ᠡᠨᠡ ᠨᠢ ᠲᠡᠭᠦᠨ ᠤ ᠡᠯᠡᠰᠦ ᠶᠢ ᠵᠠᠰᠠᠬᠤ ᠬᠦᠰᠡᠯ ᠵᠤᠷᠢᠭ ᠢ ᠡᠷᠴᠢᠯᠡᠭᠰᠡᠨ ᠢᠶᠠᠷ ᠪᠠᠷᠠᠬᠤ ᠦᠭᠡᠢ ᠬᠤᠰᠢᠭᠤ ᠵᠠᠰᠠᠭ | ᠤᠨ ᠣᠷᠳᠣᠨ ᠪᠣᠯᠤᠨ ᠤᠢ ᠰᠢᠭᠤᠢ ᠶᠢᠨ ᠲᠣᠪᠴᠢᠶ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢᠳᠡᠪᠬᠢᠯᠡᠨ | ᠳᠡᠮᠵᠢᠭᠰᠡᠨ ᠠᠴᠠ ᠳᠡᠮᠦᠷ ᠲᠤᠤᠷ ᠪᠤᠯᠤᠨ ᠨᠢᠯᠬ᠎ᠠ ᠮᠤᠳᠤᠨ ᠤ ᠲᠦᠷᠦᠯ ᠵᠦᠢᠯ ᠢ ᠡᠷᠡᠮᠵᠡᠯᠡᠨ ᠤᠯᠵᠤ᠂ ᠵᠠᠰᠠᠯᠲᠠ | ᠶᠢᠨ ᠲᠠᠯᠠᠪᠠᠢ ᠪᠠᠨ 2000 ᠮᠦ ᠪᠤᠯᠭᠠᠨ ᠦᠷᠭᠡᠳᠭᠡᠭᠰᠡᠨ ᠪᠠᠶᠢᠨ᠎ᠠ᠃ | ᠲᠤᠷᠵᠢᠰᠡᠷᠡᠩ ᠨᠠᠰᠤᠳᠠᠨ ᠬᠡᠯᠡᠬᠦ ᠳᠡᠭᠡᠨ᠄ ︽ᠠᠳᠡ ᠤᠤᠯ ᠨᠢ ᠴᠠᠭᠠᠨ ᠡᠯᠡᠰᠦ ᠪᠠᠶᠢᠭᠰᠠᠨ᠂ ᠪᠤᠷᠭᠠᠰᠤ ᠮᠤᠳᠤ | ᠲᠠᠷᠢᠵᠦ ᠦᠭᠡᠷᠡᠴᠢᠯᠡᠶ᠎ᠡ ᠭᠡᠳ ᠲᠤᠬᠠᠶ ᠶᠢᠨ ᠵᠢᠯ ᠪᠢ ᠭᠠᠭᠴᠠᠭᠠᠷ ᠮᠣᠷᠢᠨ ᠲᠡᠷᠭᠡ ᠪᠠᠷ ᠢᠷᠡᠵᠦ ᠮᠤᠳᠤ ᠳᠠᠷᠢᠳᠠᠭ | ᠪᠠᠶᠢᠪᠠ᠃ ᠡᠨᠡ ᠬᠤᠭᠤᠴᠠᠭᠠᠨ ᠳᠤ ᠪᠡᠯᠡ ᠮᠥᠩᠭᠦ ᠪᠤᠯᠤᠨ ᠬᠥᠳᠡᠯᠮᠦᠷᠢ ᠬᠦᠴᠦ ᠲᠤᠳᠠᠭᠳᠠᠬᠤ ᠵᠡᠷᠭᠡ ᠬᠦᠴᠢᠷᠳᠡᠯ | ᠦᠷᠬᠦᠯᠵᠢ ᠳᠤᠬᠢᠶᠠᠯᠳᠤᠳᠠᠭ ᠪᠠᠶᠢᠭᠰᠠᠨ︾ ᠭᠡᠯᠡ᠃ | ᠠᠷᠪᠠᠨ ᠵᠢᠯ ᠤᠨ ᠬᠢᠨᠢ ᠳᠠᠷᠠᠭ᠎ᠠ᠂ ᠨᠠᠰᠤᠲᠠᠨ ᠤ ᠤᠶᠢᠭ᠎ᠠ ᠦᠭᠡᠢ ᠬᠦᠳᠡᠯᠮᠦᠷᠢ ᠶᠢᠨ ᠬᠠᠷᠢᠭᠤ ᠳᠤ ᠳᠠᠭᠤᠳᠤ | ᠨᠠᠭᠤᠷ ᠭᠠᠴᠠᠭᠠᠨ ᠤ ᠵᠤᠰᠠᠯᠠᠩ ᠤᠨ ᠮᠠᠩᠬᠠᠨ ᠳᠤ ᠰᠢᠷ᠎ᠠ ᠪᠤᠷᠭᠠᠰᠤ᠂ ᠴᠢᠴᠠᠷᠭᠠᠨ᠎ᠠ᠂ ᠤᠯᠢᠶᠠᠰᠤ᠂ ᠰᠢᠷᠠᠯᠵᠢ᠂ | ᠬᠠᠶᠢᠯᠠᠰᠤᠨ ᠮᠣᠳᠣ᠂ ᠬᠠᠷᠭᠠᠨ᠎ᠠ ᠵᠡᠷᠭᠡ ᠤᠯᠠᠨ ᠶᠠᠩᠵᠤ ᠶᠢᠨ ᠤᠷᠭᠤᠮᠠᠯ ᠴᠡᠯᠡᠭᠡᠷᠡᠨ ᠨᠤᠭᠤᠭᠠᠷᠠᠵᠤ᠂ ᠬᠡᠳᠦᠨ | ᠠᠷᠪᠠᠨ ᠵᠦᠢᠯ ᠤᠨ ᠤᠷᠭᠤᠮᠠᠯ ᠤᠨ ᠲᠦᠷᠦᠯ ᠨᠡᠮᠡᠭᠳᠡᠨ ᠳᠠᠩᠰᠤᠭ ᠰᠠᠶᠢᠬᠠᠨ ᠪᠠᠶᠢᠭᠠᠯᠢ ᠶᠢᠨ ᠦᠵᠡᠮᠵᠢ ᠪᠦᠷᠢᠳᠦᠯ᠎ᠡ᠃ | 2013 ᠣᠨ ᠳᠤ ᠭᠠᠴᠠᠭᠠᠨ ᠤ ᠵᠤᠰᠠᠯᠠᠩ ᠤᠨ ᠭᠠᠵᠠᠷ ᠢ ᠳᠠᠬᠢᠨ ᠰᠢᠨ᠎ᠡ ᠪᠠᠷ ᠬᠤᠪᠢᠶᠠᠷᠢᠯᠠᠬᠤ ᠳᠤ ᠲᠤᠷᠵᠢᠰᠡᠷᠡᠩ | ᠭᠤᠸᠠᠢ ᠡᠨᠡᠬᠦ 2000 ᠮᠥ ᠠᠴᠠ 680 ᠮᠥ ᠬᠤᠪᠢᠳᠠᠨ ᠤᠯᠵᠤ᠂ ᠤᠳᠤ ᠪᠤᠯᠳᠠᠯ᠎ᠠ ᠬᠠᠮᠠᠭᠠᠯᠠᠭᠰᠠᠭᠠᠷ ᠪᠤᠢ᠃ | ᠲᠤᠷᠵᠢᠰᠡᠷᠡᠩ ᠨᠠᠰᠤᠲᠠᠨ᠄ ︽ᠦᠩᠭᠡᠷᠡᠭᠰᠡᠨ ᠳᠤ ᠬᠡᠳᠦᠶᠢᠪᠡᠷ ᠮᠠᠰᠢ ᠣᠯᠠᠨ ᠬᠦᠴᠢᠷ ᠪᠡᠷᠬᠡᠰᠢᠶᠡᠯ ᠢ | ᠳᠤᠭᠤᠯᠤᠭᠰᠠᠨ ᠪᠣᠯᠪᠠᠴᠤ᠂ ᠣᠳᠣ ᠡᠨᠡᠬᠦ ᠢᠬᠴᠤ ᠰᠠᠬᠤᠯᠢᠭ ᠰᠢᠭᠤᠶ ᠶᠢ ᠣᠯᠵᠤ ᠦᠵᠡᠭᠡᠳ ᠮᠠᠰᠢ ᠪᠠᠶᠠᠷᠯᠠᠵᠤ | ᠪᠠᠶᠢᠨ᠎ᠠ᠃ ᠮᠢᠨᠦ 25 ᠵᠢᠯ ᠤᠨ ᠴᠢᠷᠮᠠᠶᠢᠯᠭ᠎ᠠ ᠲᠠᠯᠠᠭᠠᠷ ᠪᠣᠯᠤᠭᠰᠠᠨ ᠦᠭᠡᠢ︾ ᠭᠡᠵᠦ ᠲᠤᠭᠳᠤᠯᠤᠨ ᠶᠠᠷᠢᠵᠦ ᠪᠠᠶᠢᠯ᠎ᠠ᠃ | | ᠲᠤᠷᠵᠢᠰᠡᠷᠡᠩ ᠭᠤᠸᠠᠢ 45 ᠨᠠᠰᠤᠨ ᠠᠴᠠ ᠪᠠᠨ ᠨᠤᠲᠤᠭ ᠤᠰᠤ ᠪᠠᠨ ᠵᠠᠰᠠᠨ ᠨᠤᠭᠤᠭᠠᠷᠠᠭᠤᠯᠵᠤ᠂ ᠤᠷᠢᠳ | ᠬᠤᠵᠢᠳ 30 ᠲᠦᠮᠡᠨ ᠲᠥᠭᠦᠷᠢᠭ ᠵᠠᠷᠤᠴᠠᠭᠤᠯᠤᠨ᠂ ᠤᠳᠤ ᠪᠤᠯᠬᠤ ᠳᠤ ᠮᠡᠳᠡᠭᠳᠡᠮ᠎ᠡ ᠠᠮᠵᠢᠯᠳᠠ ᠤᠯᠤᠭᠰᠠᠨ | ᠪᠠᠶᠢᠨ᠎ᠠ᠃ ᠲᠡᠭᠦᠨ ᠤ ᠳᠠᠭᠠᠭᠤᠯᠭ᠎ᠠ ᠪᠠᠷ᠂ ᠨᠡᠩ ᠣᠯᠠᠨ ᠮᠠᠯᠴᠢᠳ ᠡᠯᠡᠰᠦ ᠶᠢ ᠵᠠᠰᠠᠬᠤ ᠡᠩᠨᠡᠭᠡ ᠳᠤ ᠨᠢᠭᠡᠳᠦᠨ᠂ | ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ ᠲᠠᠶᠢᠯᠠᠯᠳᠤᠭᠠᠨ ᠳᠤ ᠰᠢᠭᠤᠷᠬᠠᠶᠢᠯᠠᠵᠤ᠂ | ᠨᠤᠳᠤᠭ ᠤᠰᠤᠨ ᠤ ᠪᠠᠨ ᠪᠦᠲᠦᠭᠡᠨ ᠪᠠᠶᠢᠭᠤᠯᠤᠯᠳᠠ ᠳᠤ ᠬᠤᠪᠢ ᠨᠡᠮᠡᠷᠢ ᠪᠠᠨ ᠡᠷᠭᠦᠵᠡᠭᠡᠨᠡ᠃ | ᠤᠨ ᠵᠢᠯ ᠤᠨ ᠤᠷᠴᠢᠯᠳᠠ ᠨᠠᠰᠤᠳᠠᠨ ᠤ ᠴᠢᠷᠠᠢ ᠳᠤ ᠢᠮ ᠳᠠᠮᠠᠭ᠎ᠠ ᠪᠠᠨ ᠦᠯᠡᠳᠡᠭᠡᠭᠰᠡᠨ ᠪᠤᠯᠪᠠᠴᠤ᠂ ᠳᠡᠭᠦᠨ | ᠤ ᠡᠯᠡᠰᠦ ᠶᠢ ᠵᠠᠰᠠᠬᠤ ᠡᠷᠴᠢ ᠵᠤᠷᠢᠭ 30 ᠵᠢᠯ ᠤᠨ ᠡᠮᠦᠨᠡᠬᠢ ᠲᠠᠢ ᠪᠠᠨ ᠠᠳᠠᠯᠢ ᠭᠠᠯ ᠬᠠᠯᠠᠭᠤᠨ ᠢᠶᠠᠷ ᠢᠶᠠᠨ | ᠪᠠᠶᠢᠭᠰᠠᠭᠠᠷ ᠁ | |