ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 102 ᠳ᠋ᠤᠭᠠᠷ ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/10
     6 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 102 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠢᠩᠰᠢᠶᠠ ᠳᠤ ᠰᠢᠨᠵᠢᠯᠡᠨ ᠪᠠᠶᠢᠴᠠᠭᠠᠠᠠᠰᠠᠠ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠣᠨ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠬᠠᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠳᠤ ᠰᠢᠨᠵᠢᠯᠡᠨ ᠪᠠᠶᠢᠴᠠᠭᠠᠠᠠᠰᠠᠠ‌ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠢᠮᠠᠭᠲᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠴᠢᠨᠠᠷ ᠴᠢᠨᠰᠠᠭ᠎ᠠ ᠲᠠᠢ ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠭᠵᠢᠭᠦᠯᠵᠦ᠂ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠦ ᠬᠠᠮᠲᠤᠷᠠᠯᠴᠠᠭ᠎ᠠ ᠶᠢ ᠴᠢᠩᠭᠠᠳᠬᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠦᠷᠭᠦᠯᠵᠢᠯᠡᠨ ᠬᠥᠭᠵᠢᠨ ᠮᠠᠨᠳᠤᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠬᠡᠯ᠎ᠡ᠃   ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠰᠢᠵᠢᠮ ᠢ ᠴᠠᠭ ᠢᠮᠠᠭᠲᠠ ᠴᠢᠩᠭᠠᠳᠬᠠᠨ᠂ ᠬᠤᠷᠢᠭ᠎ᠠ ᠱᠤᠭᠤᠮ ᠤᠨ ᠰᠡᠳᠬᠢᠬᠦᠢ ᠶᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠢᠮᠠᠭᠲᠠ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠠᠴᠠ ᠡᠭᠦᠰᠴᠦ᠂ ᠨᠡᠩ ᠯᠠᠪᠳᠠᠭᠤᠨ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭ᠎ᠠ ᠪᠣᠳᠠᠲᠠᠢ ᠨᠠᠷᠢᠯᠢᠭ ᠥᠷᠨᠢᠭᠦᠯᠵᠦ᠂ ᠡᠯ᠎ᠡ ᠲᠦᠷᠦᠯ ᠤᠨ ᠠᠳᠡᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠮᠠᠭᠲᠠ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠰᠣᠨᠣᠷ ᠰᠡᠷᠡᠮᠵᠢ ᠲᠠᠢ ᠪᠠᠶᠢᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠨ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠡᠳ᠋ ᠪᠣᠳᠠᠰ ᠢ ᠭᠦᠢᠴᠡᠳ ᠪᠡᠯᠡᠳᠬᠡᠵᠦ᠂ ᠠᠵᠢᠯ ᠤᠨ ᠲᠥᠰᠦᠯ ᠢᠶᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠪᠠᠨ ᠴᠢᠩᠭᠠᠳᠬᠠᠨ᠂ ᠡᠯ᠎ᠡ ᠵᠦᠢᠯ ᠤᠨ ᠭᠡᠨᠡᠳᠲᠡ ᠶᠢᠨ ᠬᠡᠷᠡᠭ ᠢ ᠪᠦᠲᠦᠮᠵᠢᠲᠡᠢ ᠠᠷᠭᠠᠴᠠᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号