2024 ᠣᠨ ᠤ ︽ᠰᠢᠷ᠎ᠠ ᠲᠠᠯ᠎ᠠ ᠶᠢᠨ ᠵᠤᠨ︾ ᠤᠯᠠᠨ ᠲᠦᠮᠡᠨᠴᠢ ᠰᠢᠷᠢᠰ ᠤᠷᠠᠨ ᠰᠠᠶᠢᠬᠠᠨ ᠤ ᠲᠣᠭᠯᠠᠯᠲᠠ ᠡᠬᠢᠯᠡᠯ᠎ᠡ
ᠨᠡᠶᠢᠲᠡᠯᠡᠭᠰᠡᠨ ᠴᠠᠭ᠄
2024/7/10
      ᠰᠣᠶᠣᠯ ᠢᠶᠠᠷ ᠬᠢᠵᠠᠭᠠᠷ ᠢ ᠤᠮᠳᠠᠯᠠᠬᠤ ᠢᠨᠵᠧᠨᠧᠷᠢᠩ ᠢ ᠤᠯᠠᠮ ᠴᠢᠨᠠᠭᠰᠢᠳᠠ ᠠᠬᠢᠭᠤᠯᠵᠤ᠂ ᠦᠨᠳᠦᠰᠦᠲᠡᠨ  ᠨᠦᠭᠦᠳ ᠤᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠰᠣᠶᠣᠯ᠂ ᠵᠢᠭᠤᠯᠴᠢᠯᠠᠯ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ ᠰᠢᠯᠤᠭᠤᠨ ᠬᠥᠬᠡ ᠬᠤᠰᠢᠭᠤ ᠠᠭᠤᠳᠠᠮ ᠲᠠᠯᠠᠪᠠᠶ ᠶᠢᠨ ᠤᠷᠠᠨ ᠰᠠᠶᠢᠬᠠᠨ ᠤ ᠲᠤᠭᠯᠠᠯᠳᠠ ᠶᠢ ᠨᠢᠭᠡ ᠰᠠᠷ᠎ᠠ ᠶᠢᠨ ᠲᠤᠷᠰᠢ ᠦᠷᠨᠢᠬᠦᠯᠬᠦ ᠪᠠᠷ ᠪᠠᠶᠢᠭ᠎ᠠ ᠶᠤᠮ᠃     7 ᠰᠠᠷ᠎ᠠ ᠶᠢᠨ 8 ᠤ ᠣᠷᠣᠶ᠂ ᠬᠤᠪᠢᠯᠠᠢ ᠠᠭᠤᠳᠠᠮ ᠲᠠᠯᠠᠪᠠᠶ ᠳᠤ ᠠᠪᠠᠭ᠎ᠠ ᠬᠤᠰᠢᠭᠤᠨ ᠤ ᠤᠯᠠᠭᠠᠨᠮᠥ᠋ᠴᠢᠷ  ᠠᠴᠠ ︽ᠠᠷᠠᠳ ᠲᠦᠮᠡᠨ ᠤ ᠳᠤᠮᠳᠠ ᠬᠦᠨᠵᠡᠭᠡᠶᠢᠷᠡᠬᠦ 2024 ᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ︾ ᠭᠡᠬᠦ ᠰᠤᠯᠢᠯᠴᠠᠭᠠᠨ ᠤ ᠲᠣᠭᠯᠠᠯᠲᠠ ᠦᠷᠨᠢᠬᠦᠯᠵᠦ᠂ ᠰᠢᠯᠤᠭᠤᠨ ᠬᠥᠬᠡ ᠬᠤᠰᠢᠭᠤᠨ ᠤ 2024 ᠣᠨ  ᠤ ︽ᠰᠢᠷ᠎ᠠ ᠳᠠᠯ᠎ᠠ ᠶᠢᠨ ᠵᠤᠨ︾ ᠤᠯᠠᠨ ᠲᠦᠮᠡᠨᠴᠢ ᠰᠢᠷᠢᠰ ᠤᠷᠠᠨ ᠰᠠᠶᠢᠬᠠᠨ ᠤ ᠲᠣᠭᠯᠠᠯᠲᠠ ᠶᠢᠨ ᠬᠥᠰᠢᠭᠡ ᠶᠢ ᠰᠡᠬᠦᠯ᠎ᠡ᠃     ᠲᠣᠭᠯᠠᠯᠲᠠ ᠨᠢ ︽ᠴᠤᠭᠤᠷ︾ ᠳᠠᠭᠤᠤ ᠪᠠᠷ ᠬᠥᠰᠢᠭᠡ ᠪᠠᠨ ᠰᠡᠬᠦᠵᠦ᠂ ︽ᠤᠮᠠᠷᠠᠲᠤ ᠬᠢᠯᠢ ᠶᠢᠨ ᠬᠦᠨᠳᠦᠳᠬᠡᠯ︾ ︽ᠮᠠᠯᠴᠢᠳ ᠨᠠᠮ ᠢᠶᠠᠨ ᠮᠠᠭᠲᠠᠨ ᠳᠠᠭᠤᠯᠠᠨ᠎ᠠ︾ ︽ᠪᠢᠳᠡ ᠨᠢᠭᠡ ᠭᠡᠷ ᠪᠦᠯᠢ︾ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾ ︽ᠰᠡᠩᠰᠡᠨ ᠬᠠᠷ᠎ᠠ ᠠᠳᠤᠭᠤ︾ ︽ᠰᠢᠯᠢᠨ ᠭᠠᠯᠵᠠᠭᠤ ᠪᠠᠭᠠᠳᠤᠷ︾ ︽ᠭᠠᠩᠭᠠᠩ ᠬᠠᠷ᠎ᠠ︾ ᠵᠡᠷᠭᠡ ᠳᠠᠭᠤᠤ ᠪᠦᠵᠢᠭ᠂ ᠬᠤᠭᠤᠷ ᠬᠦᠭᠵᠢᠮ ᠤᠨ ᠲᠣᠭᠯᠠᠯᠲᠠ ᠨᠢ ᠲᠠᠯ᠎ᠠ ᠨᠤᠲᠤᠭ ᠤᠨ ᠬᠥᠪᠡᠭᠦᠳ ᠥᠬᠢᠳ ᠤᠨ ᠨᠠᠮ ᠪᠠ ᠤᠯᠤᠰ ᠢᠶᠠᠨ ᠮᠠᠭᠲᠠᠨ ᠳᠠᠭᠤᠯᠠᠬᠤ ᠰᠡᠳᠬᠢᠯᠭᠡ ᠶᠢ ᠢᠯᠡᠳᠭᠡᠭᠰᠡᠨ ᠪᠠᠶᠢᠨ᠎ᠠ᠃     ︽ᠰᠢᠷ᠎ᠠ ᠲᠠᠯ᠎ᠠ ᠶᠢᠨ ᠵᠤᠨ︾ ᠣᠯᠠᠨ ᠲᠦᠮᠡᠨᠴᠢ ᠰᠢᠷᠢᠰ ᠤᠷᠠᠨ ᠰᠠᠶᠢᠬᠠᠨ ᠤ ᠲᠣᠭᠯᠠᠯᠲᠠ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠬᠠᠪᠰᠤᠷᠤᠯᠴᠠᠵᠤ ᠬᠠᠷᠢᠯᠴᠠᠨ ᠰᠤᠷᠤᠯᠴᠠᠬᠤ ᠶᠢ ᠠᠬᠢᠭᠤᠯᠤᠨ᠂ ᠺᠠᠳ᠋ᠷ ᠣᠯᠠᠨ ᠲᠦᠮᠡᠨ ᠳᠤ ᠣᠶᠤᠨ ᠰᠠᠨᠠᠭᠠᠨ ᠤ ᠬᠦᠷᠳᠡᠭᠡᠯ ᠪᠤᠯᠵᠤ᠂ ᠤᠳᠬ᠎ᠠ ᠤᠷᠠᠯᠢᠭ ᠤᠨ ᠳᠤᠷ᠎ᠠ ᠪᠠᠬ᠎ᠠ ᠲᠠᠢ ᠣᠯᠠᠨ ᠲᠦᠮᠡᠨ ᠳᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠠᠩᠭᠠᠬᠤ ᠢᠶᠠᠷ ᠪᠠᠷᠠᠬᠤ ᠦᠭᠡᠢ ᠰᠠᠶᠢᠨ ᠰᠠᠶᠢᠬᠠᠨ ᠭᠡᠷ ᠤᠷᠤᠨ ᠢᠶᠠᠨ ᠬᠠᠮᠲᠤ ᠪᠠᠷ ᠪᠠᠶᠢᠭᠤᠯᠬᠤ ᠠᠭᠤᠷ ᠠᠮᠢᠰᠬᠤᠯ ᠢ ᠬᠦᠨᠵᠡᠭᠡᠶᠢᠷᠡᠬᠦᠯᠬᠦ ᠪᠣᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号