ᠰᠢᠯᠤᠭᠤᠨ ᠬᠥᠬᠡ ᠬᠤᠰᠢᠭᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠲᠤᠰᠬᠠᠶ ᠠᠵᠢᠯᠯᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/10
         7 ᠰᠠᠷ᠎ᠠ ᠶᠢᠨ 5 ᠤ ᠡᠳᠦᠷ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠠᠴᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠬᠤᠷᠢᠶ᠎ᠠ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠠᠯᠪᠠᠨ ᠬᠡᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠢᠯᠤᠭᠤᠨ ᠬᠥᠬᠡ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠬᠦᠴᠦᠷᠭᠡᠭᠯᠡᠯ ᠢ ᠰᠡᠷᠭᠡᠶᠢᠯᠡᠬᠦ ᠲᠤᠰᠬᠠᠶ ᠠᠵᠢᠯᠯᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠵᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠨᠢᠭᠡ ᠣᠨ ᠤ 220 ᠭᠠᠷᠤᠶ ᠰᠤᠷᠤᠭᠴᠢᠳ ᠲᠤ ᠬᠠᠥᠯᠢ ᠴᠠᠭᠠᠵᠠ ᠶᠢᠨ ᠬᠢᠴᠢᠶᠡᠯ ᠤᠷᠤᠭᠰᠠᠨ ᠪᠠᠶᠢᠨ᠎ᠠ᠃       ᠰᠢᠯᠤᠭᠤᠨ ᠬᠥᠬᠡ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠬᠠᠪᠰᠤᠷᠤᠨ ᠵᠢᠯᠣᠭᠤᠳᠬᠤ ᠪᠠᠭᠰᠢ ᠠᠯᠲᠠᠨᠰᠦ᠋ᠮᠪᠦᠷ ᠠᠴᠠ ᠬᠡᠦᠬᠡᠳ ᠤᠳ ᠲᠤ ᠶᠠᠭᠤ ᠶᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠭᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠰᠢᠯᠲᠠᠭᠠᠨ ᠵᠢᠴᠢ ᠤᠴᠠᠷᠠᠭᠤᠯᠤᠭᠰᠠᠨ ᠬᠤᠤᠷ ᠬᠥᠨᠥᠭᠡᠯ ᠢ ᠲᠠᠶᠢᠯᠪᠤᠷᠢᠯᠠᠬᠤ ᠶᠢᠨ ᠬᠠᠮᠲᠤ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠰᠤᠷᠤᠭᠴᠢᠳ ᠤᠨ ᠰᠡᠳᠬᠢᠴᠡ ᠶᠢᠨ ᠪᠠᠶᠢᠳᠠᠯ ᠢ ᠣᠶᠢᠯᠠᠭᠠᠵᠤ᠂ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠡᠷᠬᠢᠨ ᠰᠡᠷᠭᠡᠶᠢᠯᠡᠨ ᠠᠷᠭᠠᠴᠠᠭᠠᠬᠤ ᠶᠢ ᠵᠢᠯᠤᠭᠤᠳᠤᠨ᠂ ᠳᠡᠳᠡᠨ ᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠵᠣᠷᠢᠭᠲᠠᠶ ᠪᠠᠷ ᠡᠰᠡᠷᠭᠦᠴᠡᠬᠦ ᠶᠢ ᠵᠤᠷᠢᠭᠵᠢᠭᠤᠯᠤᠭᠰᠠᠨ ᠪᠠᠶᠢᠨ᠎ᠠ᠃       ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠤᠰᠢᠶᠠᠯᠲᠠᠨ ᠠᠴᠠ ᠶᠠᠭᠤ ᠶᠢ ᠬᠦᠴᠦᠷᠭᠡᠭᠯᠡᠯ ᠭᠡᠬᠦ  ᠶᠢ ᠲᠠᠶᠢᠯᠪᠤᠷᠢᠯᠠᠨ ᠶᠠᠷᠢᠵᠤ᠂ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠠᠮᠢᠳᠤᠯᠢᠭ ᠪᠥᠭᠡᠳ ᠣᠯᠠᠨ ᠶᠠᠩᠵᠤ ᠶᠢᠨ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠲᠤ ᠬᠦᠴᠦᠷᠭᠡᠭᠯᠡᠯ ᠤᠨ ᠭᠤᠤᠯ ᠬᠡᠯᠪᠡᠷᠢ ᠵᠢᠴᠢ ᠬᠦᠴᠦᠷᠭᠡᠭᠯᠡᠯ ᠤᠨ ᠲᠤᠬᠠᠶ ᠪᠤᠷᠤᠭᠤ ᠣᠶᠢᠯᠠᠭᠠᠯᠲᠠ ᠶᠢ ᠣᠶᠢᠯᠠᠭᠠᠭᠤᠯᠵᠤ᠂ ᠳᠡᠭᠦᠨ ᠢ ᠬᠡᠷᠬᠢᠨ ᠰᠡᠷᠭᠡᠶᠢᠯᠡᠬᠦ ᠪᠠ ᠠᠷᠭᠠᠴᠠᠭᠠᠬᠤ ᠶᠢ ᠰᠤᠷᠤᠭᠴᠢᠳ ᠲᠤ ᠬᠦᠨᠵᠡᠭᠡᠢ ᠤᠶᠢᠯᠠᠭᠠᠭᠤᠯᠵᠠᠢ᠃        ᠵᠠᠯᠭᠠᠭᠠᠳ᠂ ᠥᠪᠥᠷ ᠮᠣᠩᠭᠤᠯ ᠤᠨ ᠤᠣ ᠶᠢᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠡᠩᠬᠡᠪᠠᠭᠠᠲᠤᠷ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ᠂ ᠰᠤᠷᠤᠭᠴᠢᠳ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠵᠢᠴᠢ ᠬᠠᠤᠯᠢ ᠠᠴᠠ ᠵᠥᠷᠢᠴᠡᠭᠰᠡᠨ ᠦᠷ᠎ᠡ ᠳ᠋ᠦᠩ ᠢ ᠶᠠᠷᠢᠵᠤ᠂ ᠰᠤᠷᠤᠭᠴᠢᠳ ᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ᠂ ᠬᠠᠤᠯᠢ ᠪᠠᠷ ᠵᠠᠰᠠᠬᠤ ᠦᠵᠡᠯᠲᠡ ᠪᠠ ᠬᠠᠤᠯᠢ ᠴᠠᠭᠠᠵᠠ ᠶᠢᠨ ᠤᠬᠠᠮᠰᠠᠷ ᠢᠶᠠᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠤᠬᠠᠮᠰᠠᠷ ᠢ  ᠨᠢ ᠴᠢᠩᠭᠠᠳᠬᠠᠭᠰᠠᠨ ᠪᠠᠶᠢᠨ᠎ᠠ᠃      ᠠᠵᠢᠯᠯᠠᠭ᠎ᠠ ᠪᠠᠷ ᠪᠠᠰᠠ ᠱᠠᠩᠨᠠᠯᠲᠤ ᠠᠰᠠᠭᠤᠯᠲᠠ ᠬᠠᠷᠢᠭᠤᠯᠲᠠ ᠶᠠᠪᠤᠭᠳᠠᠭᠤᠯᠵᠤ᠂ ᠤᠯᠠᠨ ᠢᠶᠠᠷ ᠢᠶᠠᠨ ᠢᠳᠡᠪᠬᠢᠳᠡᠢ ᠭᠠᠷ ᠡᠷᠭᠦᠨ ᠬᠠᠷᠢᠭᠤᠯᠵᠤ᠂ ᠲᠤᠬᠠᠶ ᠶᠢᠨ ᠳᠠᠯᠠᠪᠠᠢ ᠳᠤ ᠡᠯ᠎ᠡ ᠪᠠᠶᠢᠭᠤᠯᠭ᠎ᠠ ᠶᠢᠨ ᠬᠢᠨ ᠰᠤᠷᠭᠠᠭᠤᠯᠢ  ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠬᠠᠮᠢᠶ᠎ᠠ ᠪᠥᠬᠦᠶ ᠤᠬᠠᠭᠤᠯᠭ᠎ᠠ ᠶᠢᠨ ᠬᠠᠭᠤᠳᠠᠰᠤ ᠳᠠᠷᠬᠠᠭᠠᠵᠠᠢ᠃     ᠲᠣᠰ ᠤᠳᠠᠭᠠᠨ ᠤ ᠲᠤᠰᠬᠠᠶ ᠰᠡᠳᠦᠪᠲᠦ ᠲᠠᠶᠢᠯᠤᠮᠵᠢ ᠨᠢ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠬᠦᠴᠦᠷᠭᠡᠭᠯᠡᠯ ᠤᠨ ᠬᠤᠤᠷ ᠬᠥᠨᠥᠭᠡᠯ ᠢ ᠭᠦᠨᠵᠡᠭᠡᠶ ᠲᠠᠨᠢᠭᠤᠯᠵᠤ᠂ ᠬᠦᠴᠦᠷᠭᠡᠭᠯᠡᠯ ᠢ ᠰᠡᠷᠭᠡᠶᠢᠯᠡᠬᠦ ᠤᠶᠢᠯᠠᠭᠠᠯᠳᠠ ᠶᠢ ᠨᠢ ᠬᠦᠨᠵᠡᠭᠡᠶᠢᠷᠡᠭᠦᠯᠦᠨ᠂ ᠰᠤᠷᠤᠭᠴᠢᠳ ᠤᠨ ᠬᠠᠤᠯᠢ ᠪᠠᠷ ᠵᠠᠰᠠᠬᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠦᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号