ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/7/10
        7 ᠰᠠᠷ᠎ᠠ ᠶᠢᠨ 3 ᠠᠴᠠ 5 ᠤ ᠡᠳᠦᠷ ᠪᠣᠯᠲᠠᠯ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠰᠦ᠋ ᠫᠧᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠡᠢ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠭᠡᠰᠢᠭᠦᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ ᠰᠣᠶᠣᠯᠲᠤ ᠪᠠᠶᠢᠴᠠᠭᠠᠨ ᠰᠤᠳᠤᠯᠤᠯᠲᠠ ᠳᠤ ᠷᠤᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠷᠢᠨᠪᠠᠲᠤ᠂ ᠬᠤᠰᠢᠭᠤ ᠳᠡᠳ᠋ ᠳᠠᠷᠤᠭ᠎ᠠ ᠵᠤᠷᠢᠭᠰᠠᠶᠢᠬᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠴᠠᠬᠠᠷ ᠠᠶᠢᠮᠠᠭ ᠤᠨ ᠠᠩᠬᠠᠳᠠᠭᠴᠢ ᠨᠠᠮ ᠤᠨ ᠡᠭᠦᠷ ᠤᠨ ᠳᠤᠷᠠᠰᠬᠠᠯ ᠤᠨ ᠣᠷᠳᠣᠨ᠂ ᠰᠢᠯᠢ ᠶᠢᠨ ᠭᠤᠤᠯ ᠠᠶᠢᠮᠠᠭ ᠤᠨ ᠰᠣᠶᠣᠯ ᠤᠨ ᠥᠪ ᠤᠨ ᠮᠦᠽᠧᠶ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠴᠠᠭᠠᠨ ᠢᠳᠡᠭᠡᠨ ᠤ ᠵᠤᠭᠤᠭ ᠤᠨ ᠲᠢᠩᠬᠢᠮ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠵᠡᠷᠭᠡ ᠭᠠᠵᠠᠷ ᠲᠤ ᠬᠦᠷᠴᠦ᠂ ᠮᠠᠨ ᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠢ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠱᠠᠩᠳᠤ ᠪᠠᠯᠭᠠᠰᠤᠨ ᠤ ᠬᠤᠶᠠᠷ ᠪᠤᠮᠪᠠ ᠨᠡᠶᠢᠭᠡᠮ ᠲᠣᠭᠤᠷᠢᠭ᠂ ᠴᠡᠩᠭᠡᠯᠳᠦ ᠭᠠᠴᠠᠭ᠎ᠠ ᠪᠠᠷ ᠭᠦᠨᠵᠡᠭᠡᠶᠢᠷᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠬᠢᠭᠡᠳ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠠᠭᠤᠰᠤᠯᠴᠠᠭᠤᠯᠤᠨ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠤᠨᠤᠰᠴᠠᠢ᠃       7 ᠰᠠᠷ᠎ᠠ ᠶᠢᠨ 5 ᠤ ᠡᠳᠦᠷ᠂ ᠪᠠᠶᠢᠴᠠᠭᠠᠨ ᠰᠤᠳᠤᠯᠬᠤ ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠭᠰᠠᠨ ᠪᠥᠭᠡᠳ ᠮᠠᠨ ᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠢᠭᠰᠡᠨ ᠠᠵᠢᠯ ᠢ ᠨᠤᠲᠠᠯᠠᠬᠤ ᠶᠢᠨ ᠬᠠᠮᠲᠤ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠣᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠠᠶᠢᠮᠠᠭ ᠤᠨ ᠨᠠᠮ  ᠤᠨ ᠬᠤᠷᠢᠶᠠᠨ ᠤ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ ᠲᠣᠭᠲᠠᠭᠠᠭᠰᠠᠨ ᠣᠨ ᠤ ᠭᠤᠤᠯᠳᠠᠯᠭ᠎ᠠ ᠲᠠᠢ ᠬᠢᠨᠠᠯᠲᠠ ᠲᠠᠯᠪᠢᠬᠤ ᠠᠵᠢᠯ ᠪᠠᠶᠢᠵᠦ᠂ ᠵᠠᠰᠠᠭ ᠤᠨ ᠣᠷᠳᠣᠨ ᠵᠢᠴᠢ ᠪᠦᠷᠢᠯᠳᠦᠬᠦᠨ ᠰᠠᠯᠠᠭ᠎ᠠ ᠮᠥᠴᠢᠷ ᠤᠨ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ  ᠶᠢᠨ ᠲᠥᠯᠥᠭᠡ ᠶᠤᠮ ᠭᠡᠵᠦ ᠵᠢᠭᠠᠵᠤ ᠭᠠᠷᠭᠠᠵᠠᠢ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠶᠯ ᠤᠨ ᠠᠵᠢᠯ ᠤᠨ ᠭᠤᠤᠯ ᠰᠢᠵᠢᠮ ᠪᠣᠯᠭᠠᠵᠤ᠂ ᠰᠢᠰᠲ᠋ᠧᠮᠲᠦ ᠴᠢᠨᠠᠷ ᠢ ᠪᠠᠷᠢᠮᠲᠠᠯᠠᠨ᠂ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠶᠤᠸᠠᠨ ᠤ ᠳᠡᠭᠡᠳᠦ ᠨᠡᠶᠢᠰᠯᠡᠯ  ᠤᠨ ᠪᠠᠭᠤᠷᠢ ᠶᠢ ᠰᠠᠶᠢᠲᠤᠷ ᠬᠠᠮᠠᠭᠠᠯᠠᠨ ᠰᠠᠶᠢᠲᠤᠷ ᠠᠰᠢᠭᠯᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠠᠭᠤᠰᠤᠯᠴᠠᠭᠤᠯᠤᠨ ᠨᠡᠶᠢᠲᠡᠯᠢᠭ ᠦᠶᠯᠡ ᠠᠵᠢᠯᠯᠠᠭ᠎ᠠ ᠶᠢ ᠠᠭᠤᠳᠠᠯᠵᠤ᠂ ᠥᠯᠢᠭᠡᠷ ᠳᠠᠭᠤᠷᠢᠶᠠᠯ ᠤᠨ ᠬᠦᠴᠦᠨ ᠢ ᠳᠠᠮᠵᠢᠭᠤᠯᠤᠨ᠂ ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭ ᠢ ᠡᠭᠦᠳᠴᠦ᠂ ᠰᠢᠯᠤᠭᠤᠨ ᠬᠥᠬᠡ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠤᠬᠠᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠶ᠃ ᠬᠦᠴᠦᠲᠡᠶ ᠠᠷᠭ᠎ᠠ ᠬᠡᠮᠵᠢᠶ᠎ᠡ ᠪᠠᠷ ᠦᠨᠳᠦᠰᠦᠲᠡᠨ ᠤ ᠤᠨᠴᠠᠯᠢᠬᠳᠤ ᠠᠵᠤ ᠦᠶᠯᠡᠰ ᠤᠨ ᠬᠥᠭᠵᠢᠯᠲᠡ ᠶᠢ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢ ᠪᠠᠬᠢᠵᠢᠭᠦᠯᠦᠨ᠂ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠬᠤ ᠬᠡᠷᠡᠭᠲᠡᠶ᠃ ᠬᠠᠤᠯᠢ ᠶᠣᠰᠣᠭᠠᠷ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠲᠥᠯᠥᠭᠡᠯᠡᠭᠴᠢᠳ ᠤᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢ ᠪᠠᠳᠠᠷᠠᠭᠤᠯᠤᠨ᠂ ᠡᠯ᠎ᠡ ᠵᠦᠢᠯ ᠤᠨ ᠠᠵᠢᠯ ᠢ ᠭᠤᠣᠯ ᠱᠤᠭᠤᠮ ᠳᠤ ᠲᠥᠪᠯᠡᠷᠡᠭᠦᠯᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号