ᠰᠢᠯᠤᠭᠤᠨ ᠬᠥᠬᠡ ᠬᠤᠰᠢᠭᠤ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/10
        7 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠳᠡᠭᠡᠳᠦ ᠱᠠᠲᠤᠨ  ᠤ ᠰᠠᠯᠠᠭ᠎ᠠ ᠮᠥᠴᠢᠷ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃      ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ  ᠢ ᠪᠠᠲᠤ ᠰᠠᠬᠢᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ︽ᠲᠠᠪᠤᠨ ᠱᠠᠲᠤᠨ ᠤ ᠱᠦᠵᠢ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢ ᠠᠳᠬᠤᠬᠤ ᠶᠢ ᠴᠢᠩᠭᠠᠳᠬᠠᠵᠤ ᠂ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ  ᠢ ᠪᠦᠷᠢᠯᠳᠦᠭᠦᠯᠦᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠪᠠ ᠦᠶᠯᠡᠳᠦᠯᠭᠡ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ︽ᠢᠳᠡᠵᠦ ᠡᠮᠦᠰᠬᠦ ᠳᠡᠭᠡᠨ ᠵᠤᠪᠠᠭ᠋ᠤ ᠦᠭᠡᠢ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠰᠦᠨ ᠡᠮᠨᠡᠯᠭᠡ᠂ ᠰᠠᠭᠤᠬᠤ ᠬᠡᠷ ᠤᠨ ᠠᠮᠤᠷ ᠲᠦᠪᠰᠢᠨ  ᠢ ᠪᠠᠳᠤᠯᠠᠬᠤ︾ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ  ᠶᠢ ᠲᠦᠷᠭᠡᠳᠭᠡᠨ᠂ ︽ᠳᠥᠷᠪᠡ ᠶᠢ ᠲᠠᠶᠠᠭᠳᠠᠬᠤ ᠥᠬᠡᠶ︾ ᠪᠠᠶᠢᠬᠤ ᠶᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠡᠯ᠎ᠡ ᠵᠦᠶᠯ ᠤᠨ ᠠᠵᠢᠯ ᠢ ᠪᠣᠳᠠᠲᠠᠶ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃      ᠬᠤᠷᠠᠯ ᠠᠴᠠ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠲᠥᠰᠦᠯ ᠢ ᠲᠤᠭᠳᠠᠭᠠᠨ᠂ ᠨᠢᠭᠡ ᠠᠴᠠ ᠨᠦᠬᠦᠭᠡ ᠶᠢ ᠵᠦᠢᠴᠢᠯᠡᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠰᠠᠭᠤᠳᠠᠯ ᠤᠨ ᠨᠠᠷᠢᠨ ᠪᠠᠶᠢᠳᠠᠯ ᠲᠠᠢ ᠬᠠᠷᠭᠤᠭᠤᠯᠵᠤ᠂ ᠦᠨᠳᠦᠰᠦ ᠰᠤᠷᠪᠤᠯᠵᠢ ᠶᠢ ᠨᠢ ᠵᠠᠳᠠᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ ᠭᠦᠨᠵᠡᠭᠡᠢ ᠪᠠᠶᠢᠴᠠᠭᠠᠨ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠨ ᠪᠠᠶᠢᠴᠠᠭᠠᠬᠤ᠂ ᠡᠳᠦᠷ ᠲᠤᠳᠤᠮ ᠤᠨ ᠲᠤᠬᠢᠷᠠᠭᠤᠯᠤᠯᠳᠠ ᠶᠢ ᠴᠢᠩᠭᠠᠳᠬᠠᠬᠤ ᠬᠡᠷᠡᠭᠲᠡᠢ᠃ ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ ᠪᠠᠶᠢᠬᠤ ᠬᠡᠷᠡᠭᠲᠡᠶ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠠᠪᠴᠤ ᠠᠵᠢᠯ ᠣᠯᠭᠤᠬᠤ ᠠᠷᠭ᠎ᠠ ᠵᠠᠮ ᠢ ᠢᠳᠡᠪᠬᠢᠲᠡᠶ ᠦᠷᠭᠡᠳᠭᠡᠨ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠳᠠᠭᠠᠯᠳᠤᠬᠤ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠᠷ ᠳᠠᠮᠵᠢᠭᠤᠯᠤᠨ ᠠᠵᠢᠯ ᠣᠯᠭᠤᠬᠤ  ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠡᠵᠡᠩᠨᠡᠯᠲᠡ ᠶᠢᠨ ᠪᠤᠰᠤ ᠴᠢᠨᠠᠷᠲᠠᠶ ᠣᠷᠣᠯᠭ᠎ᠠ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃     ᠬᠤᠰᠢᠭᠤ ᠤᠳᠤᠷᠢᠳᠤᠯᠭ᠎ᠠ ᠹᠧᠩ ᠵᠢᠶᠠᠨ ᠵᠢᠶᠦ᠋ᠨ᠂ ᠶᠢᠨ ᠱᠠᠨ᠂ ᠯᠢᠦᠶ ᠡᠾᠦ᠋ᠢ᠂ ᠱᠧᠨ ᠭᠤᠸᠠᠩ ᠱᠧᠩ᠂ ᠵᠣᠷᠢᠭᠰᠠᠶᠢᠬᠠᠨ᠂ ᠵᠠᠩ ᠵᠢᠶᠧ᠂ ᠯᠢ ᡁᠢ ᠵᠢᠦᠸᠠᠨ᠂ ᠢᠦᠢ ᠵᠤᠸᠠᠩ ᠪᠤᠯᠤᠨ ᠡᠯ᠎ᠡ ᠰᠤᠮᠤ ᠪᠠᠯᠭᠠᠰᠤ ︵ᠲᠠᠯᠠᠪᠠᠶ︶᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号