ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠤᠷᠤᠯᠳᠤᠭᠠᠨ ᠡᠷᠭᠢᠯᠡᠪᠡ
ᠨᠡᠶᠢᠲᠡᠯᠡᠭᠰᠡᠨ ᠴᠠᠭ᠄
2024/7/10
        ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠡᠯ᠎ᠡ ᠪᠦᠷᠢᠯᠳᠦᠬᠦᠨ ᠨᠢᠭᠡᠴᠢ ᠵᠢᠴᠢ ᠨᠡᠶᠢᠭᠡᠮ ᠤᠨ ᠪᠦᠯᠬᠦᠮ ᠤᠨ ᠢᠳᠡᠭᠡᠨ ᠤ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠰᠤᠷᠤᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠥᠷᠭᠡᠨ ᠣᠯᠠᠨ ᠠᠵᠢᠯᠲᠠᠨ ᠠᠵᠢᠯᠴᠢᠨ ᠤ ᠣᠷᠣᠯᠴᠠᠬᠤ ᠨᠣᠷᠮ᠎ᠠ ᠪᠠ ᠣᠶᠢᠯᠠᠭᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 4 ᠤ ᠡᠳᠦᠷ᠂ ᠰᠢᠯᠤᠭᠤᠨ ᠬᠥᠬᠡ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ᠂ ᠠᠵᠢᠯᠴᠢᠨ ᠤ ᠶᠡᠷᠦᠩᠬᠡᠶ ᠡᠪᠯᠡᠯ ᠬᠠᠮᠲᠤᠷᠠᠨ ︽ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ ᠡᠷᠡᠭᠦᠯ ᠮᠡᠨᠳᠦ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ︾ ᠰᠢᠯᠤᠭᠤᠨ ᠬᠥᠬᠡ ᠬᠤᠰᠢᠭᠤᠨ ᠤ 2024 ᠣᠨ ᠤ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠤᠷᠤᠯᠳᠤᠭᠠᠨ ᠡᠷᠭᠢᠯᠡᠪᠡ᠃       ᠲᠣᠰ ᠤᠳᠠᠭᠠᠨ ᠤ ᠤᠷᠤᠯᠳᠤᠭᠠᠨ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠠᠨᠳᠤᠭᠤᠯᠤᠨ᠂ ᠠᠵᠢᠯᠲᠠᠨ ᠠᠵᠢᠯᠴᠢᠨ ᠣᠯᠠᠨ ᠲᠦᠮᠡᠨ ᠲᠠᠢ ᠨᠢᠭᠲᠠ ᠤᠶᠠᠯᠳᠤᠭᠤᠯᠵᠤ᠂ ᠢᠳᠡᠭᠡᠨ ᠤ ᠠᠮᠤᠷ ᠲᠦᠪᠰᠢᠨ ᠤ ᠬᠠᠤᠯᠢ᠂ ᠢᠳᠡᠭᠡᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠠᠯ᠎ᠠ ᠶᠢᠨ ᠮᠡᠳᠡᠯᠭᠡ ᠶᠢ ᠬᠠᠮᠤᠷᠴᠤ᠂ ︽ᠬᠤᠪᠢ ᠬᠥᠮᠦᠨ ᠤ ᠵᠠᠪᠠᠯ ᠬᠠᠷᠢᠭᠤᠯᠬᠤ᠂ ᠪᠦᠯᠬᠦᠮ ᠨᠡᠶᠢᠲᠡ ᠪᠠᠷ ᠢᠶᠠᠨ ᠵᠠᠪᠳᠤᠨ ᠬᠠᠷᠢᠭᠤᠯᠬᠤ᠂ ᠲᠤᠪᠴᠢ ᠬᠠᠷᠢᠭᠤᠯᠬᠤ︾ ᠭᠤᠷᠪᠠᠨ ᠠᠯᠬᠤᠮ ᠬᠤᠪᠢᠶᠠᠨ ᠶᠠᠪᠤᠭᠳᠠᠭᠤᠯᠵᠤ᠂ ᠣᠷᠣᠯᠴᠠᠭᠰᠠᠳ ᠤᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠪᠥᠬᠦ ᠲᠠᠯ᠎ᠠ ᠪᠠᠷ ᠰᠢᠯᠭᠠᠨ ᠪᠠᠶᠢᠴᠠᠭᠠᠭᠰᠠᠨ ᠪᠠᠶᠢᠨ᠎ᠠ᠃ ᠠᠩᠬᠠᠨ ᠤ ᠤᠷᠤᠯᠳᠤᠭᠠᠨ ᠢᠶᠠᠷ ᠰᠢᠭᠰᠢᠭᠳᠡᠭᠰᠡᠨ 6 ᠲᠤᠭᠤᠶᠢᠯᠠᠩ ᠰᠢᠶᠳᠪᠦᠷᠢᠲᠦ ᠤᠷᠤᠯᠳᠤᠭᠠᠨ ᠳᠤ ᠤᠷᠤᠯᠴᠠᠵᠤ᠂ ᠳᠡᠷᠢᠭᠦᠨ᠂ ᠳᠡᠳ᠋᠂ ᠭᠤᠳᠠᠭᠠᠷ ᠲᠤᠰ ᠲᠤᠰ ᠨᠢᠭᠡ ᠨᠡᠷ᠎ᠡ ᠶᠢ ᠰᠢᠯᠭᠠᠷᠠᠭᠤᠯᠤᠨ ᠱᠠᠩᠨᠠᠵᠠᠢ᠃      ᠤᠷᠤᠯᠳᠤᠭᠠᠨ ᠢᠶᠠᠷ ᠳᠠᠮᠵᠢᠭᠤᠯᠤᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠠᠬᠢᠭᠤᠯᠵᠤ᠂ ᠮᠠᠨ ᠤ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠰᠠᠭᠤᠷᠢ ᠶᠢ ᠪᠠᠳᠤᠳᠬᠠᠭᠰᠠᠨ ᠢᠶᠠᠷ ᠪᠠᠷᠠᠬᠤ ᠦᠭᠡᠢ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠢᠳᠡᠭᠡᠨ ᠤ ᠠᠮᠤᠷ ᠲᠦᠪᠰᠢᠨ ᠤ ᠲᠤᠬᠠᠶ ᠲᠠᠨᠢᠯᠲᠠ ᠶᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠠᠩᠬᠠᠷᠴᠤ᠂ ᠳᠡᠮᠵᠢᠬᠦ ᠪᠠ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号