ᠪᠥᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠰᠢᠯᠢ ᠶᠢᠨ ᠭᠤᠤᠯ ᠠᠶᠢᠮᠠᠭ ᠤᠨ ᠬᠡᠰᠡᠭ ᠲᠥᠯᠥᠭᠡᠯᠡᠭᠴᠢ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/7/10
         7 ᠰᠠᠷ᠎ᠠ ᠶᠢᠨ 2 ᠠᠴᠠ 3 ᠤ ᠡᠳᠦᠷ ᠪᠣᠯᠲᠠᠯ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠵᠠᠩ ᠶᠢᠨ ᠮᠢᠩ᠂ ᠪᠥᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠯᠢ ᠶᠢᠨ ᠭᠤᠤᠯ ᠠᠶᠢᠮᠠᠭ ᠤᠨ ᠬᠡᠰᠡᠭ ᠲᠥᠯᠥᠭᠡᠯᠡᠭᠴᠢ ᠶᠢ ᠳᠠᠭᠠᠭᠤᠯᠤᠨ ᠰᠢᠯᠤᠭᠤᠨ ᠬᠥᠬᠡ ᠬᠤᠰᠢᠭᠤᠨ ᠳᠤ ᠢᠷᠡᠵᠦ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠵᠥᠪᠯᠡᠯᠭᠡ  ᠶᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠣᠶᠣᠯᠲᠤ᠂ ᠳᠡᠳ᠋ ᠡᠷᠬᠢᠯᠡᠭᠴᠢ ᠪᠦᠷᠢᠨᠪᠠᠲᠤ᠂ ᠬᠤᠰᠢᠭᠤ ᠳᠡᠳ᠋ ᠳᠠᠷᠤᠭ᠎ᠠ ᠠᠮᠵᠢᠯᠳᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃     ᠪᠠᠶᠢᠴᠠᠭᠠᠨ ᠰᠤᠳᠤᠯᠬᠤ ᠳᠤᠭᠤᠶᠢᠯᠠᠩ ᠱᠠᠩᠳᠤ ᠴᠠᠬᠢᠯᠭᠠᠨ ᠭᠠᠷᠭᠠᠬᠤ ᠺᠣᠮᠫᠠᠨᠢ ᠶᠢᠨ ᠲᠤᠯᠠᠭᠠᠯᠠᠭ᠎ᠠ ᠶᠢᠨ ᠬᠡᠯᠲᠡᠰ ᠤᠨ ᠲᠣᠬᠢᠷᠠᠭᠤᠯᠬᠤ ᠲᠠᠰᠤᠭ᠂ ᠰᠧᠯᠠᠩᠴᠧᠩ ᠵᠠᠮ ᠤᠨ ᠬᠤᠭᠤᠯᠠᠢ ᠲᠣᠣᠷ ᠤᠨ ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ ᠲᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠪᠠ ᠬᠤᠭᠤᠯᠠᠢ ᠲᠣᠣᠷ ᠤᠨ ᠥᠭᠡᠷᠡᠴᠢᠯᠡᠨ ᠪᠠᠶᠢᠭᠤᠯᠬᠤ ᠠᠬᠢᠴᠠ ᠶᠢ ᠪᠠᠶᠢᠴᠠᠭᠠᠨ ᠰᠤᠳᠤᠯᠵᠤ᠂ ᠯᠠᠨ ᠳ᠋ᠦ᠋ ᠬᠤᠸ᠋ᠨ ᠶᠤᠸᠠᠨ ᠰᠠᠭᠤᠭᠠᠯᠢ ᠲᠣᠭᠤᠷᠢᠭ ᠲᠤ ᠭᠦᠨᠵᠡᠭᠡᠶᠢᠷᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ᠂ ᠴᠠᠭᠠᠨ ᠢᠳᠡᠭᠡᠨ ᠤ ᠵᠤᠭᠤᠭ ᠤᠨ ᠲᠢᠩᠬᠢᠮ ᠳᠤ ᠪᠣᠳᠠᠰ ᠤᠨ ᠪᠤᠰᠤ ᠰᠣᠶᠣᠯ ᠤᠨ ᠥᠪ ᠢ ᠦᠪᠯᠡᠨ ᠤᠯᠠᠮᠵᠢᠯᠠᠬᠤ ᠪᠠ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠤ ᠳᠠᠷᠠᠭ᠎ᠠ ᠬᠤᠶᠠᠷ ᠪᠤᠮᠪᠠ ᠨᠡᠶᠢᠭᠡᠮ ᠲᠣᠭᠤᠷᠢᠭ ᠲᠤ ᠶᠠᠷᠢᠯᠴᠠᠬᠤ ᠬᠤᠷᠠᠯ ᠬᠤᠷᠠᠯᠳᠤᠭᠤᠯᠤᠨ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠤᠨ ᠲᠤᠬᠠᠢ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠤᠶᠢᠯᠠᠭᠠᠭᠰᠠᠨ ᠪᠠᠶᠢᠨ᠎ᠠ᠃     7 ᠰᠠᠷ᠎ᠠ ᠶᠢᠨ 3 ᠤ ᠡᠳᠦᠷ᠂ ᠪᠠᠶᠢᠴᠠᠭᠠᠨ ᠰᠤᠳᠤᠯᠬᠤ ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠲᠤᠭᠤᠰᠢᠯᠠᠭᠤᠯᠤᠨ ᠬᠡᠷᠡᠭᠵᠢᠭᠦᠯᠦᠭᠰᠡᠨ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠪᠠ ᠲᠥᠯᠥᠭᠡᠯᠡᠭᠴᠢᠳ  ᠤᠨ ᠰᠠᠨᠠᠭᠤᠯᠭ᠎ᠠ ᠶᠢ ᠰᠢᠶᠳᠪᠦᠷᠢᠯᠡᠵᠦ ᠬᠠᠷᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠵᠢᠴᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠰᠢᠭᠤᠨ ᠤ ᠬᠠᠮᠢᠶ᠎ᠠ ᠪᠥᠬᠦᠶ ᠠᠵᠢᠯ ᠢ ᠭᠦᠶᠴᠡᠳ ᠨᠤᠲᠠᠯᠠᠭᠰᠠᠨ ᠪᠥᠭᠡᠳ ᠪᠠᠶᠢᠴᠠᠭᠠᠨ ᠰᠤᠳᠤᠯᠤᠯᠲᠠ ᠶᠢᠨ ᠭᠤᠤᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠱᠠᠭᠠᠷᠳᠠᠯᠭ᠎ᠠ ᠳᠤᠷᠠᠳᠴᠠᠶ᠃     ᠬᠤᠷᠠᠯ ᠳᠤ ᠣᠷᠣᠯᠴᠠᠭᠰᠠᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ᠂ ᠤᠷᠢᠳᠠᠪᠠᠷ ᠲᠥᠯᠥᠪᠵᠢᠭᠦᠯᠬᠦ ᠶᠢ ᠴᠢᠩᠭᠠᠳᠬᠠᠨ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠪᠣᠯᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠬᠦᠨᠵᠡᠭᠡᠢ ᠠᠬᠢᠭᠤᠯᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨᠡᠨᠬᠦ ᠠᠷᠠᠳ ᠤᠨ ᠰᠡᠳᠬᠢᠯ ᠤᠨ ᠢᠨᠵᠧᠨᠧᠷᠢᠩ᠂ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠪᠣᠯᠭᠠᠬᠤ ᠬᠡᠷᠡᠭᠲᠡᠢ᠃ ᠲᠥᠯᠥᠭᠡᠯᠡᠭᠴᠢᠳ ᠤᠨ ᠪᠣᠯᠪᠠᠰᠤᠷᠠᠯ ᠢ ᠴᠢᠩᠭᠠᠳᠬᠠᠵᠤ᠂ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢᠨ ᠬᠠᠨᠳᠤᠯᠭᠠᠲᠤ ᠴᠢᠨᠠᠷ ᠢ ᠳᠡᠭᠡᠭᠰᠢᠯᠡᠭᠦᠯᠦᠨ᠂ ᠰᠢᠢᠳᠪᠦᠷᠢᠯᠡᠵᠦ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠵᠠᠰᠠᠭ ᠤᠨ ᠣᠷᠳᠣᠨ ︽ᠬᠤᠣᠰ ᠴᠢᠭᠯᠡᠯ ᠢᠶᠠᠷ ᠤᠷᠤᠭᠰᠢᠯᠠᠬᠤ︾ ᠪᠠᠷ ᠠᠷᠠᠳ ᠲᠦᠮᠡᠨ ᠤ ᠬᠦᠰᠡᠯ ᠱᠠᠭᠠᠷᠡᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃     ᠵᠠᠩ ᠶᠢᠨ ᠮᠢᠩ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠪᠠ ᠰᠢᠨᠡᠴᠢᠯᠡᠯᠲᠡ ᠶᠢ ᠰᠢᠰᠲ᠋ᠧᠮ ᠲᠠᠢ ᠠᠬᠢᠭᠤᠯᠤᠨ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠴᠢᠨᠠᠷ ᠴᠢᠨᠰᠠᠭ᠎ᠠ ᠶᠢ ᠪᠠᠳᠤᠯᠠᠬᠤ ᠬᠡᠷᠡᠭᠲᠡᠶ᠃ ᠡᠯ᠎ᠡ ᠵᠦᠢᠯ ᠤᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠬᠤᠳᠠ ᠪᠠᠯᠭᠠᠰᠤᠨ ᠤ ᠬᠠᠮᠢᠶᠠᠷᠤᠯᠲᠠ ᠶᠢᠨ ᠴᠢᠳᠠᠪᠤᠷᠢ ᠶᠢᠨ ᠲᠦᠪᠰᠢᠨ  ᠢ ᠳᠡᠭᠡᠭᠰᠢᠯᠡᠭᠦᠯᠬᠦ ᠬᠡᠷᠡᠭᠲᠡᠢ᠃ ᠰᠢᠯᠤᠭᠤᠨ ᠬᠥᠬᠡ ᠬᠤᠰᠢᠭᠤᠨ ᠤ ᠣᠨᠴᠠᠯᠢᠭ ᠪᠠ ᠡᠬᠢ ᠪᠠᠶᠠᠯᠢᠭ ᠤᠨ ᠳᠠᠪᠠᠭᠤᠯᠢᠭ  ᠲᠤ ᠲᠦᠰᠢᠭᠯᠡᠨ᠂ ᠲᠤᠯᠭᠠᠭᠤᠷᠢ ᠠᠵᠤ ᠦᠶᠯᠡᠰ ᠢ ᠪᠠᠬᠢᠵᠢᠭᠦᠯᠦᠨ ᠬᠦᠭᠵᠢᠬᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠪᠣᠯᠪᠠᠰᠤᠷᠠᠭᠤᠯᠬᠤ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠯᠭᠠᠨ ᠦᠨᠡᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠲᠥᠯᠥᠭᠡᠯᠡᠭᠴᠢᠳ ᠤᠨ ᠤᠯᠤᠰ ᠲᠦᠷᠦ ᠶᠢᠨ ᠵᠣᠭᠰᠣᠴᠠ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠲᠦᠮᠡᠨ ᠤ ᠠᠰᠢᠭ ᠲᠤᠰᠠ ᠪᠠ ᠬᠦᠰᠡᠯ ᠵᠣᠷᠢᠭ ᠢ ᠦᠨᠡᠨᠴᠢ ᠰᠢᠳᠤᠷᠭᠤ ᠪᠠᠷ ᠲᠥᠯᠥᠭᠡᠯᠡᠵᠦ᠂ ᠬᠢᠷᠢ ᠲᠡᠩᠴᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠲᠥᠯᠥᠭᠡᠯᠡᠭᠴᠢ ᠶᠢᠨ ᠠᠵᠢᠯ ᠤᠨ ᠭᠠᠵᠠᠷ ᠤᠨ ᠳᠠᠷᠤᠭ᠎ᠠ ᠪᠠᠶ ᠸᠧᠨ ᡁᠢ᠂ ᠳᠡᠳ᠋ ᠭᠠᠵᠠᠷ ᠤᠨ ᠳᠠᠷᠤᠭ᠎ᠠ ᠰᠢᠤᠢ ᠶᠠ ᠮᠢᠩ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠷᠳᠡᠨᠢᠳᠠᠯᠠᠢ ᠪᠣᠯᠤᠨ ᠥᠪᠡᠷᠲᠡᠭᠡᠨ ᠵᠠᠰᠠᠬᠤ ᠣᠷᠣᠨ ᠤ ᠭᠡᠰᠡᠭ ᠠᠷᠠᠳ ᠤᠨ ᠲᠥᠯᠥᠭᠡᠯᠡᠭᠴᠢ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠤᠷᠤᠯᠴᠠᠵᠤ᠂ ᠱᠠᠩᠳᠤ ᠪᠠᠯᠭᠠᠰᠤ ᠪᠤᠯᠤᠨ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠬᠡᠰᠡᠭ ᠬᠤᠰᠢᠭᠤ ᠱᠠᠲᠤᠨ ᠤ ᠠᠷᠠᠳ ᠤᠨ ᠲᠥᠯᠥᠭᠡᠯᠡᠭᠴᠢ ᠰᠠᠭᠤᠳᠠᠯ  ᠤᠨ ᠬᠤᠷᠠᠯ ᠳᠤ ᠤᠷᠤᠯᠴᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号