ᠰᠢᠯᠤᠭᠤᠨ ᠬᠥᠬᠡ ᠬᠤᠰᠢᠭᠤᠨ ᠤ ᠭᠠᠵᠠᠷ ᠤᠨ ᠲᠡᠰ ᠤᠨ ᠤᠳᠤᠷᠢᠳᠬᠤ ᠺᠠᠳ᠋ᠷ ᠰᠡᠷᠡᠮᠵᠢᠯᠡᠭᠦᠯᠬᠦ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/10
       ᠬᠤᠰᠢᠭᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ  ᠤᠨ ᠲᠣᠬᠢᠷᠠᠭᠤᠯᠤᠯᠲᠠ ᠪᠠᠷ 7 ᠰᠠᠷ᠎ᠠ ᠶᠢᠨ 3 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠪᠦᠯᠬᠦᠮ ᠳᠠᠭᠠᠭᠤᠯᠤᠨ ᠥᠪᠥᠷ ᠮᠣᠩᠭᠤᠯ ᠤᠨ ᠱᠠᠩᠳᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠴᠢᠬᠡᠴᠢ ᠵᠠᠰᠠᠭ ᠤᠨ ᠬᠥᠮᠦᠵᠢᠯ ᠤᠨ ᠰᠠᠭᠤᠷᠢᠨ ᠳᠤ ᠬᠦᠷᠴᠦ ᠰᠡᠷᠡᠮᠵᠢᠯᠡᠭᠦᠯᠬᠦ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠦᠭᠰᠡᠨ ᠪᠦᠭᠡᠳ ᠨᠠᠮ ᠳᠤ ᠣᠷᠣᠬᠤ ᠲᠠᠩᠭᠠᠷᠢᠭ ᠢ ᠳᠠᠬᠢᠨ ᠡᠷᠬᠢᠴᠡᠭᠦᠯᠦᠭᠰᠡᠨ ᠪᠠᠶᠢᠨ᠎ᠠ᠃ ᠪᠥᠬᠦ ᠬᠤᠰᠢᠭᠤᠨ ᠤ ᠭᠠᠵᠠᠷ ᠤᠨ ᠲᠠᠰ ᠤᠨ ᠤᠳᠤᠷᠢᠳᠬᠤ ᠺᠠᠳ᠋ᠷᠴᠤᠳ ᠤᠷᠤᠯᠴᠠᠵᠠᠢ᠃     ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ᠂ ᠬᠤᠰᠢᠭᠤᠨ ᠤ ᠲᠡᠰ ᠤᠨ ᠤᠳᠤᠷᠢᠳᠬᠤ ᠨᠥᠬᠦᠳ ᠱᠠᠩᠳᠤ ᠴᠠᠬᠢᠯᠭᠠᠨ ᠭᠠᠷᠭᠠᠬᠤ ᠺᠣᠮᠫᠠᠨᠢ ᠶᠢᠨ ᠴᠢᠬᠡᠴᠢ ᠵᠠᠰᠠᠭ ᠤᠨ ᠬᠥᠮᠦᠵᠢᠯ ᠤᠨ ᠰᠠᠭᠤᠷᠢᠨ ᠢ ᠲᠣᠭᠤᠷᠢᠨ ᠦᠵᠡᠭᠰᠡᠨ ᠪᠦᠭᠡᠳ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠤᠨ ᠠᠵᠤ ᠠᠬᠤᠶᠢᠯᠠᠯ᠂ ᠨᠡᠶᠢᠭᠡᠮ᠂ ᠨᠡᠶᠢᠲᠡᠯᠢᠭ ᠬᠡᠷᠡᠭ  ᠤᠨ ᠵᠢᠱᠢᠶ᠎ᠡ ᠶᠢᠨ ᠬᠡᠰᠡᠭ ᠢ ᠲᠤᠰ ᠲᠤᠰ ᠲᠤᠭᠤᠷᠢᠨ ᠦᠵᠡᠵᠦ᠂ ᠵᠢᠷᠤᠭ ᠦᠵᠡᠬᠦ᠂ ᠲᠠᠶᠢᠯᠤᠮᠵᠢ ᠰᠣᠨᠣᠰᠬᠤ ᠵᠡᠷᠭᠡ ᠬᠡᠯᠪᠡᠷᠢ ᠪᠠᠷ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠭᠤᠤ ᠶᠡᠭᠡ ᠥᠩᠭᠡᠷᠡᠯᠲᠡ ᠪᠠ ᠬᠤᠪᠢᠰᠬᠠᠯ ᠤᠨ ᠬᠤᠰᠢᠭᠤᠴᠢ ᠶᠢᠨ ᠠᠷᠢᠭᠤᠨ ᠴᠢᠬᠡᠴᠢ ᠦᠯᠢᠭᠡᠷ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠤᠶᠢᠯᠠᠭᠠᠵᠤ᠂ ᠴᠢᠬᠡᠴᠢ ᠵᠠᠰᠠᠭ ᠤᠨ ᠬᠥᠮᠦᠵᠢᠯ ᠤᠨ ᠰᠠᠭᠤᠷᠢᠨ ᠢ ᠲᠣᠭᠤᠷᠢᠨ ᠦᠵᠡᠬᠦ᠂ ᠰᠡᠷᠡᠮᠵᠢ ᠶᠢᠨ ᠬᠥᠮᠦᠵᠢᠯ ᠤᠨ ᠹᠢᠯᠢᠮ ᠦᠵᠡᠬᠦ ᠪᠠᠷ ᠳᠠᠮᠵᠢᠭᠤᠯᠤᠨ᠂ ᠬᠡᠷᠡᠭ ᠢᠶᠠᠷ ᠰᠡᠷᠡᠮᠵᠢ ᠬᠦᠷᠳᠡᠭᠡᠨ᠂ ᠰᠠᠬᠢᠯᠭ᠎ᠠ ᠪᠠᠲᠤ ᠶᠢ ᠲᠤᠳᠤᠷᠬᠠᠶᠢᠯᠠᠵᠤ᠂ ᠲᠤᠯᠢᠳᠠᠯ ᠪᠣᠯᠭᠠᠬᠤ ᠶᠢ ᠪᠡᠶᠡᠯᠡᠭᠦᠯᠦᠨ᠂ ᠪᠦᠬᠦ ᠨᠠᠮ ᠤᠨ ᠭᠡᠰᠢᠭᠦᠨ ᠤᠳᠤᠷᠢᠳᠬᠤ ᠺᠠᠳ᠋ᠷ ᠢ ᠨᠡᠶᠢᠲᠡ ᠶᠢᠨ ᠲᠥᠯᠥᠭᠡ ᠬᠦᠯᠢᠴᠡᠩᠭᠦᠢ ᠵᠢᠳᠬᠦᠬᠦ᠂ ᠠᠷᠢᠭᠤᠨ ᠴᠢᠬᠡᠴᠢ ᠪᠠᠷ ᠥᠪᠡᠷ ᠢ ᠪᠠᠨ ᠱᠠᠭᠠᠷᠳᠠᠬᠤ ᠦᠵᠡᠯ ᠰᠠᠨᠠᠭᠠᠨ ᠤ ᠪᠠᠶᠢᠳᠠᠯ ᠢ ᠪᠤᠢ ᠪᠤᠯᠭᠠᠬᠤ ᠶᠢ ᠵᠢᠯᠤᠭᠤᠳᠤᠨ ᠠᠷᠠᠳ ᠤᠨ ᠲᠦᠯᠦᠭᠡ ᠪᠤᠳᠠᠳᠠᠢ ᠠᠵᠢᠯᠯᠠᠵᠤ᠂ ᠠᠷᠢᠭᠤᠨ ᠴᠢᠬᠡᠴᠢ ᠤᠯᠤᠰ ᠲᠥᠷᠥ ᠶᠢᠨ ᠮᠥᠨ ᠴᠢᠨᠠᠷ ᠢᠶᠠᠨ ᠡᠭᠦᠷᠢᠳᠡ ᠪᠠᠷᠢᠮᠳᠠᠯᠠᠬᠤ ᠶᠢ ᠱᠠᠭᠠᠷᠳᠠᠭᠰᠠᠨ ᠪᠠᠶᠢᠨ᠎ᠠ᠃      ᠲᠤᠭᠤᠷᠢᠨ ᠦᠵᠡᠭᠰᠡᠨ ᠤ ᠳᠠᠷᠠᠭ᠎ᠠ᠂ ᠤᠯᠠᠨ ᠢᠶᠠᠷ ᠢᠶᠠᠨ ᠨᠠᠮ ᠤᠨ ᠲᠤᠭ ᠤᠨ ᠡᠮᠦᠨ᠎ᠡ ᠲᠥᠪ ᠴᠢᠩᠭ᠎ᠠ ᠪᠠᠷ ᠲᠠᠩᠭᠠᠷᠢᠭᠯᠠᠵᠤ᠂ ᠤᠭ ᠰᠠᠨᠠᠭ᠎ᠠ ᠪᠠᠨ ᠪᠠᠲᠤ ᠴᠡᠭᠡᠵᠢᠯᠡᠨ᠂ ᠨᠠᠮ ᠤᠨ ᠦᠢᠯᠡᠰ ᠤᠨ ᠲᠥᠯᠥᠭᠡ ᠨᠠᠰᠤᠨ ᠲᠤᠷᠰᠢᠳᠠ ᠲᠡᠮᠡᠴᠡᠬᠦ ᠢᠲᠡᠭᠡᠯ ᠵᠣᠷᠢᠭ ᠢᠶᠠᠨ ᠢᠯᠡᠳᠭᠡᠯ᠎ᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号