ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2024 ᠣᠨ ᠤ 6 ᠳ᠋ᠤᠭᠠᠷ ᠤᠳᠠᠭᠠᠨ ᠤ ᠵᠤᠷᠰᠢᠯ ᠬᠤᠷᠠᠯ ᠵᠢᠴᠢ ᠪᠥᠬᠦ ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/10
      7 ᠰᠠᠷ᠎ᠠ ᠶᠢᠨ 2 ᠤᠨ ᠡᠳᠦᠷ᠂ ᠰᠢᠯᠤᠭᠤᠨ ᠬᠥᠬᠡ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ  ᠤᠨ 2024 ᠣᠨ ᠤ 6 ᠳ᠋ᠤᠭᠠᠷ ᠤᠳᠠᠭᠠᠨ ᠤ ᠵᠤᠷᠰᠢᠯ ᠬᠤᠷᠠᠯ ᠵᠢᠴᠢ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠯ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠣᠤ ᠮᠢᠨ ᠬᠤᠷᠠᠯ ᠳᠤ ᠣᠷᠣᠯᠴᠠᠵᠤ ᠶᠠᠷᠢᠶ᠎ᠠ ᠳᠠᠯᠪᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ ᠬᠤᠷᠠᠯ ᠢ ᠡᠷᠬᠢᠯᠡᠵᠡᠢ᠃ ᠳᠡᠳ᠋ ᠬᠤᠰᠢᠭᠤ ᠳᠠᠷᠤᠭ᠎ᠠ ᠱᠧᠨ ᠭᠤᠸᠠᠩ ᠱᠧᠩ᠂ ᠵᠣᠷᠢᠭᠰᠠᠶᠢᠬᠠᠨ᠂ ᠵᠠᠩ ᠵᠢᠶᠧ ᠬᠤᠷᠠᠯ ᠳᠤ ᠣᠷᠣᠯᠴᠠᠨ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠶᠤᠯ ᠥᠬᠡᠶ ᠦᠶᠯᠡᠳᠪᠦᠷᠢᠯᠡᠯ ᠤᠨ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ  ᠤᠨ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠪᠣᠯᠤᠨ ᠳᠡᠭᠡᠳᠦ ᠱᠠᠲᠤᠨ ᠤ ᠬᠤᠯᠪᠣᠭᠳᠠᠯ ᠪᠥᠬᠦᠶ ᠠᠶᠤᠯᠭᠦᠶ ᠦᠶᠯᠡᠳᠪᠦᠷᠢᠯᠡᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ  ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠭᠠᠯ ᠰᠡᠷᠭᠡᠶᠢᠯᠡᠬᠦ ᠪᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠡᠶᠢᠳᠡᠯᠡᠵᠢ᠃     ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠨ᠂ ᠬᠤᠷᠢᠭ᠎ᠠ ᠱᠤᠭᠤᠮ  ᠤᠨ ᠤᠬᠠᠮᠰᠠᠷ ᠢ ᠪᠠᠲᠤ ᠪᠤᠢ ᠪᠣᠯᠭᠠᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠪᠠᠷ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ  ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠢᠴᠡᠳᠬᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠷᠢᠮ ᠲᠣᠭᠲᠠᠴᠠ ᠶᠢ ᠪᠦᠷᠢᠨᠰᠢᠬᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠡᠭᠦᠯᠳᠡᠷᠵᠢᠭᠦᠯᠬᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠭᠠᠯ ᠤᠨᠲᠠᠷᠠᠭᠠᠬᠤ ᠪᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ  ᠶᠢ ᠴᠢᠩᠭ᠎ᠠ ᠠᠩᠬᠠᠷᠴᠤ᠂ ᠵᠠᠮ ᠬᠠᠷᠢᠯᠴᠠᠭ᠎ᠠ᠂ ᠬᠤᠲᠠ ᠪᠠᠯᠭᠠᠰᠤᠨ ᠤ ᠭᠠᠯ ᠰᠡᠷᠭᠡᠶᠢᠯᠡᠯᠲᠡ᠂ ᠪᠠᠷᠢᠯᠭ᠎ᠠ ᠶᠢᠨ ᠠᠵᠢᠯ᠂ ᠬᠤᠲᠠ ᠪᠠᠯᠭᠠᠰᠤᠨ ᠤ ᠰᠢᠲᠠᠮᠠᠬᠠᠶ ᠬᠡᠶ᠂ ᠠᠶᠤᠯᠲᠠᠶ ᠬᠢᠮᠢ ᠶᠢᠨ ᠪᠣᠳᠠᠰ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠵᠢᠭᠤᠯᠴᠢᠯᠠᠯ ᠤᠨ ᠠᠮᠤᠷ ᠲᠦᠪᠰᠢᠨ ᠵᠡᠷᠭᠡ ᠡᠯ᠎ᠡ ᠭᠤᠤᠯᠳᠠᠯᠭ᠎ᠠ ᠲᠠᠢ ᠬᠦᠷᠢᠶᠡᠨ ᠤ ᠠᠶᠤᠯᠭᠦᠶ ᠦᠶᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ  ᠢᠶᠠᠨ ᠰᠠᠶᠢᠲᠤᠷ ᠠᠳᠬᠤᠵᠤ᠂ ᠠᠶᠤᠯᠭᠦᠶ ᠦᠶᠯᠡᠳᠪᠦᠷᠢᠯᠡᠯ ᠤᠨ ᠡᠯ᠎ᠡ ᠵᠦᠶᠯ ᠤᠨ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠠᠵᠢᠯ ᠤᠨ ᠬᠤᠪᠢᠶᠠᠷᠢᠯᠠᠯ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠦ᠂ ᠴᠢᠩᠭ᠎ᠠ ᠬᠠᠮᠢᠶᠠᠷᠤᠯᠲᠠ ᠲᠠᠢ᠂ ᠡᠮᠬᠢ ᠴᠡᠭᠴᠡ ᠲᠠᠢ᠂ ᠬᠠᠷᠢᠭᠤᠴᠠᠯᠭ᠎ᠠ ᠲᠣᠳᠣᠷᠬᠠᠶ᠂ ᠠᠯᠬᠤᠮ ᠨᠢᠭᠡᠲᠡᠶ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠦᠨ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠡᠳ᠋ ᠪᠣᠳᠠᠰ ᠢ ᠭᠦᠶᠴᠡᠳ ᠪᠡᠯᠡᠳᠬᠡᠵᠦ᠂ ᠠᠵᠢᠯ ᠤᠨ ᠲᠥᠰᠦᠯ ᠢᠶᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠪᠠᠨ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠦᠨ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠪᠦᠲᠦᠮᠵᠢᠲᠡᠶ ᠠᠷᠭᠠᠴᠠᠭᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠦᠶᠡᠷ ᠢ ᠰᠡᠷᠭᠡᠶᠢᠯᠡᠵᠦ ᠭᠠᠩ  ᠲᠠᠢ ᠲᠡᠮᠡᠴᠡᠬᠦ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠵᠠᠢ᠃     ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号