ᠰᠢᠯᠤᠭᠤᠨ ᠬᠥᠬᠡ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠮᠠᠷᠭᠤᠯᠳᠤᠭᠠᠨ ᠤ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/7/10
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠤᠭᠲᠤᠵᠤ᠂ ᠰᠢ  ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠯᠤᠭᠤᠨ ᠬᠥᠬᠡ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠤᠨ ᠰᠠᠶᠢᠨ ᠰᠠᠶᠢᠬᠠᠨ ᠳᠦᠷᠢ ᠲᠥᠷᠬᠦ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠦᠨ᠂ ᠤᠯᠤᠰ ᠲᠥᠷᠥ ᠬᠠᠤᠯᠢ ᠴᠠᠭᠠᠵᠠ  ᠶᠢᠨ ᠡᠩᠨᠡᠭᠡᠨ ᠤ ᠬᠠᠷᠢᠯᠴᠠᠨ ᠦᠢᠯᠡᠳᠦᠯᠴᠡᠭᠦ ᠶᠢ ᠴᠢᠩᠭᠠᠳᠬᠠᠵᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠠᠵᠢᠯᠲᠠᠨ ᠤ ᠠᠵᠢᠯ ᠬᠢᠵᠦ ᠦᠶᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠤᠯᠤᠰ ᠲᠥᠷᠥ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠠ ᠬᠡᠪ ᠪᠣᠯᠪᠠᠰᠤᠷᠠᠯ ᠢ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠬᠤᠰᠢᠭᠤ ᠬᠠᠤᠯᠢ ᠵᠦᠢ ᠶᠢᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠠᠴᠠ ᠳᠠᠭᠠᠭᠠᠴᠢᠯᠠᠨ ᠡᠷᠭᠢᠯᠡᠭᠰᠡᠨ ᠰᠢᠯᠤᠭᠤᠨ ᠬᠥᠬᠡ ᠬᠤᠰᠢᠭᠤᠨ ᠤ ᠤᠯᠤᠰ ᠲᠦᠷᠦ ᠬᠠᠥᠯᠢ ᠴᠠᠭᠠᠵᠠ ᠶᠢᠨ ᠰᠢᠰᠲ᠋ᠧᠮ ᠤᠨ ᠮᠠᠷᠭᠤᠯᠳᠤᠭᠠᠨ ᠤ ᠤᠷᠤᠯᠳᠤᠭᠠᠨ 7 ᠰᠠᠷ᠎ᠠ ᠶᠢᠨ 1 ᠤ ᠡᠳᠦᠷ ᠴᠠᠭᠠᠨ ᠢᠳᠡᠭᠡᠨ ᠤ ᠵᠤᠭᠤᠭ ᠤᠨ ᠲᠢᠩᠬᠢᠮ ᠳᠤ ᠶᠠᠪᠤᠭᠳᠠᠯ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠦᠨᠡᠨᠰᠠᠶᠢᠨ ᠬᠤᠷᠠᠯ ᠳᠤ ᠣᠷᠣᠯᠴᠠᠵᠤ ᠶᠠᠷᠢᠶ᠎ᠠ ᠳᠠᠯᠪᠢᠵᠠᠢ᠃     ᠲᠣᠰ ᠤᠳᠠᠭᠠᠨ ᠤ ᠤᠷᠤᠯᠳᠤᠭᠠᠨ ᠳᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠤᠪᠴᠢᠶ᠎ᠠ ᠶᠢᠨ ᠲᠦᠷᠪᠡᠨ ᠲᠤᠭᠤᠶᠢᠯᠠᠩ ᠣᠷᠣᠯᠴᠠᠵᠤ᠂ ᠪᠦᠯᠬᠦᠮ ᠤᠨ ᠮᠠᠷᠭᠤᠯᠳᠤᠭᠠᠨ ᠤ ᠬᠡᠯᠪᠡᠷᠢ ᠪᠠᠷ ᠤᠷᠤᠰᠢᠯ᠂ ᠲᠤᠯᠭᠠᠨ ᠮᠠᠷᠭᠤᠬᠤ᠂ ᠴᠢᠯᠥᠭᠡᠲᠡᠶ ᠮᠠᠷᠭᠤᠯᠳᠤᠬᠤ᠂ ᠳ᠋ᠦᠩᠨᠡᠯᠲᠡ ᠬᠢᠬᠦ ᠵᠡᠷᠭᠡ ᠳᠥᠷᠪᠡᠨ ᠶᠠᠪᠤᠴᠠ ᠬᠤᠪᠢᠶᠠᠨ ᠦᠷᠨᠢᠵᠦ᠂ ᠭᠦᠨ ᠵᠤᠵᠠᠭᠠᠨ ᠤᠨᠤᠯ ᠤᠨ ᠰᠠᠭᠤᠷᠢ᠂ ᠨᠠᠷᠢᠨ ᠨᠢᠭᠲᠠ ᠰᠡᠳᠬᠢᠨ ᠲᠤᠩᠭᠠᠬᠤ ᠴᠢᠳᠠᠪᠤᠷᠢ ᠪᠣᠯᠤᠨ ᠪᠣᠯᠪᠠᠰᠤᠷᠠᠩᠭᠤᠢ ᠮᠠᠷᠭᠤᠯᠳᠤᠬᠤ ᠤᠷ᠎ᠠ ᠮᠡᠷᠭᠡᠵᠢᠯ ᠵᠢᠴᠢ ᠲᠤᠬᠠᠢ ᠶᠢᠨ ᠲᠠᠯᠠᠪᠤᠷ ᠤᠨ ᠶᠡᠷᠦᠩᠬᠡᠶᠢᠯᠡᠭᠰᠡᠨ ᠦᠨᠡᠯᠡᠯᠲᠡ ᠮᠠᠭᠠᠳᠯᠠᠯᠲᠠ ᠪᠠᠷ ᠳᠠᠮᠵᠢᠨ᠂ ᠬᠠᠤᠯᠢ ᠴᠠᠭᠠᠵᠠ ᠶᠢᠨ ᠲᠣᠪᠴᠢᠶᠠᠨ ᠤ ᠲᠥᠯᠥᠭᠡᠯᠡᠭᠴᠢᠳ ᠤᠨ ᠠᠩᠭᠢ ᠨᠢᠭᠡᠳᠦᠭᠡᠷ ᠲᠤ ᠣᠷᠣᠵᠤ᠂ ᠪᠠᠶᠢᠴᠠᠭᠠᠬᠤ ᠬᠤᠷᠢᠶᠠᠨ ᠤ ᠲᠥᠯᠥᠭᠡᠯᠡᠭᠴᠢᠳ ᠤᠨ ᠠᠩᠭᠢ ᠬᠤᠶᠠᠳᠤᠭᠠᠷ ᠲᠤ ᠣᠷᠣᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠥᠯᠥᠭᠡᠯᠡᠭᠴᠢᠳ ᠤᠨ ᠠᠩᠭᠢ᠂ ᠰᠢᠭᠦᠬᠦ ᠬᠤᠷᠢᠶᠠᠨ ᠤ ᠲᠥᠯᠥᠭᠡᠯᠡᠭᠴᠢᠳ ᠤᠨ ᠠᠩᠭᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠳᠡᠵᠡᠢ᠃ ᠬᠠᠤᠯᠢ ᠴᠠᠭᠠᠵᠠ ᠶᠢᠨ ᠲᠤᠪᠴᠢᠶᠠᠨ ᠤ ᠯᠢ ᠢᠦᠢ ᠶᠢᠩ᠂ ᠪᠠᠶᠢᠴᠠᠭᠠᠬᠤ ᠬᠤᠷᠢᠶᠠᠨ ᠤ ᠢᠦᠢ ᠯᠢ ᠵᠢᠶᠦ᠋ᠨ᠂ ᠬᠠᠤᠯᠢ ᠴᠠᠭᠠᠵᠠ ᠶᠢᠨ ᠲᠤᠪᠴᠢᠶᠠᠨ ᠤ ᠳ᠋ᠦ᠋ ᠯᠢᠨ ᠶᠠᠨ ᠲᠤᠰ ᠲᠤᠰ ᠬᠠᠮᠤᠭ ᠤᠨ ᠰᠠᠶᠢᠨ ᠮᠠᠷᠭᠤᠭᠴᠢ ᠶᠢᠨ ᠴᠣᠯᠠ ᠬᠦᠷᠳᠡᠵᠦ᠂ ᠰᠢᠭᠦᠬᠦ ᠬᠤᠷᠢᠶ᠎ᠠ ᠢᠦᠢ ᠬᠠᠨ ᠪᠥᠸᠧ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠩ ᠰᠢᠶᠤᠤ ᠯᠧ᠂ ᠰᠢᠭᠦᠬᠦ ᠬᠤᠷᠢᠶᠠᠨ ᠤ ᠴᠢᠶᠣᠤ ᠨᠠ ᠨᠠᠷ ᠴᠢᠳᠠᠪᠤᠷᠢᠯᠢᠭ ᠮᠠᠷᠭᠤᠭᠴᠢ ᠶᠢᠨ ᠴᠣᠯᠠ ᠬᠦᠷᠳᠡᠭᠰᠡᠨ ᠪᠠᠶᠢᠨ᠎ᠠ᠃    ᠠᠵᠢᠯᠯᠠᠭ᠎ᠠ ᠪᠠᠷ ᠬᠤᠰᠢᠭᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠤᠯᠠᠭᠠᠨᠮᠥ᠋ᠴᠢᠷ ᠠᠴᠠ ᠰᠠᠺᠠᠰ ᠬᠦᠭᠵᠢᠮ ᠤᠨ ᠭᠤᠴᠣᠯᠠᠯ᠂ ︽ᠰᠢᠯᠢ ᠶᠢᠨ ᠭᠤᠤᠯ ᠤᠨ ᠳᠠᠭᠤᠯᠠᠯ︾ ᠳᠠᠭᠤᠤ᠂ ᠠᠮᠠᠨ ᠬᠤᠭᠤᠷ ᠤᠨ ᠲᠣᠭᠯᠠᠯᠲᠠ ᠰᠤᠨᠢᠷᠬᠠᠭᠤᠯᠤᠭᠰᠠᠨ ᠪᠠᠶᠢᠨ᠎ᠠ᠃     ᠲᠤᠰ ᠤᠳᠠᠭᠠᠨ ᠤ ᠮᠠᠷᠭᠤᠯᠳᠤᠭᠠᠨ ᠤ ᠤᠷᠤᠯᠳᠤᠭᠠᠨ ᠪᠣᠯ ᠨᠢᠭᠡ ᠤᠳᠠᠭᠠᠨ ᠤ ᠣᠶᠤᠨ ᠤᠬᠠᠭᠠᠨ ᠤ ᠮᠦᠷᠦᠶᠢᠴᠡᠭᠡᠨ᠂ ᠦᠵᠡᠯ ᠰᠠᠨᠠᠭᠠᠨ ᠤ ᠰᠤᠯᠢᠯᠴᠠᠭ᠎ᠠ ᠪᠤᠯᠬᠤ ᠪᠠᠷ ᠪᠠᠷᠠᠬᠤ ᠦᠭᠡᠢ ᠮᠥᠨ ᠴᠤ ᠨᠢᠭᠡ ᠤᠳᠠᠭᠠᠨ ᠤ ᠪᠦᠯᠬᠦᠮ ᠤᠨ ᠬᠠᠮᠵᠢᠯᠴᠠᠭ᠎ᠠ ᠵᠢᠴᠢ ᠬᠡᠯᠡ ᠶᠠᠷᠢᠶᠠᠨ ᠤ ᠢᠯᠡᠳᠬᠡᠬᠦ ᠴᠢᠳᠠᠪᠤᠷᠢ ᠶᠢᠨ ᠦᠵᠡᠭᠦᠯᠭᠡ ᠪᠤᠯᠬᠤ ᠶᠤᠮ᠃ ᠤᠷᠤᠯᠳᠤᠭᠠᠨ ᠢᠶᠠᠷ ᠳᠠᠮᠵᠢᠭᠤᠯᠤᠨ ᠤᠷᠤᠯᠴᠠᠭᠰᠠᠳ ᠤᠨ ᠮᠡᠳᠡᠯᠭᠡ ᠶᠢᠨ ᠲᠦᠪᠰᠢᠨ᠂ ᠠᠵᠢᠭᠴᠢ ᠬᠢᠷᠠᠬᠠᠢ ᠴᠢᠳᠠᠪᠤᠷᠢ ᠪᠠ ᠭᠠᠷᠮᠠᠭᠠᠶ ᠢᠯᠡᠳᠬᠡᠬᠦ ᠴᠢᠳᠠᠪᠤᠷᠢ ᠶᠢ ᠬᠦᠢᠴᠡᠳ ᠬᠠᠷᠠᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠴᠤᠭ ᠵᠢᠪᠬᠤᠭ᠎ᠠ ᠶᠢ ᠢᠯᠡᠷᠡᠭᠦᠯᠦᠭᠰᠡᠨ ᠪᠠᠶᠢᠨ᠎ᠠ᠃   
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号