ᠪᠥᠬᠦ ᠬᠤᠰᠢᠭᠤᠨ ᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠤᠨ ᠭᠠᠴᠠᠭ᠎ᠠ ᠳᠤᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/7/10
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠬᠥᠮᠦᠵᠢᠭᠦᠯᠦᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠤᠯᠭᠠᠨ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠤᠨ ᠠᠵᠢᠯ ᠢ ᠰᠠᠶᠢᠲᠤᠷ ᠬᠢᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 2 ᠤᠨ ᠡᠳᠦᠷ ᠰᠢᠯᠤᠭᠤᠨ ᠬᠦᠭᠡ ᠬᠤᠰᠢᠭᠤ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠤᠨ ᠭᠠᠴᠠᠭ᠎ᠠ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠩᠬᠠᠳᠤᠭᠠᠷ ᠬᠤᠭᠤᠴᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠯ᠎ᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠬᠠᠨ ᠹᠧᠨ ᠪᠤᠯᠪᠠᠰᠤᠷᠠᠯ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠳᠠᠯᠪᠢᠵᠠᠢ᠃     ᠪᠤᠯᠪᠠᠰᠤᠷᠠᠯ ᠢᠶᠠᠷ ᠶᠠᠭᠤᠨ ᠤ ᠡᠮᠦᠨ᠎ᠡ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠾᠦᠸᠧ ᠷᠦᠢ ᠬᠤᠩ ᠠᠴᠠ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠨᠠᠷᠢᠨ ᠲᠠᠶᠢᠯᠪᠤᠷᠢᠯᠠᠨ ᠬᠢᠴᠢᠶᠡᠯᠯᠡᠭᠰᠡᠨ ᠪᠠᠶᠢᠨ᠎ᠠ᠃ᠬᠤᠰᠢᠭᠤ ᠨᠠᠮ ᠤᠨ ᠰᠤᠷᠭᠠᠭᠤᠯᠢ ᠶᠢᠨ ᠪᠠᠭᠰᠢ ᠨᠠᠷ ᠠᠴᠠ ᠲᠤᠰ ᠲᠤᠰ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠦᠭᠵᠢᠬᠦᠯᠬᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾᠂ ︽ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠡᠷᠬᠢᠨ ᠰᠠᠶᠢᠲᠤᠷ ᠠᠳᠬᠤᠬᠤ︾ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠡᠷᠭᠡ ᠠᠭᠤᠯᠭ᠎ᠠ ᠪᠠᠷ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ  ᠶᠢᠨ ᠱᠦᠵᠢ ᠪᠣᠯᠤᠨ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠨᠠᠮᠴᠢ ᠴᠢᠨᠠᠷ ᠤᠨ ᠪᠣᠯᠪᠠᠰᠤᠷᠠᠯ  ᠢᠶᠠᠨ ᠴᠢᠩᠭᠠᠳᠬᠠᠬᠤ᠂ ᠴᠢᠳᠠᠪᠤᠷᠢ ᠬᠡᠪ ᠪᠣᠯᠪᠠᠰᠤᠷᠠᠯ ᠪᠣᠯᠤᠨ ᠦᠶᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠬᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠶᠴᠡᠳᠬᠡᠬᠦ ᠲᠤᠬᠠᠢ ᠵᠢᠯᠤᠭᠤᠳᠤᠭᠰᠠᠨ ᠪᠠᠶᠢᠨ᠎ᠠ᠃     ᠪᠣᠯᠪᠠᠰᠤᠷᠠᠯ ᠠᠴᠠ᠂ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠲᠠᠭᠠᠭᠤᠯᠤᠬᠴᠢ ᠪᠣᠯᠬᠤ ᠬᠡᠷᠡᠭᠲᠡᠢ᠃ ᠦᠨᠳᠦᠰᠦᠨ ᠱᠠᠲᠤᠨ ᠤ ᠠᠵᠢᠯ ᠤᠨ ᠨᠢᠭᠡᠳᠦᠭᠡᠷ ᠹᠷᠣᠨᠲ ᠲᠤ ᠪᠠᠶᠢᠭ᠎ᠠ ᠭᠠᠴᠠᠭ᠎ᠠ ᠲᠣᠰᠬᠤᠨ ᠤ ᠺᠠᠳ᠋ᠷ ᠨᠠᠷ ᠨᠠᠮ ᠤᠨ ᠡᠯ᠎ᠡ ᠵᠦᠶᠯ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠨᠠᠮ ᠪᠣᠯᠤᠨ ᠵᠠᠰᠠᠭ ᠤᠨ ᠣᠷᠳᠣᠨ ᠤ ᠠᠷᠠᠳ ᠣᠯᠠᠨ  ᠯᠤᠭ᠎ᠠ ᠶᠢᠨ ᠬᠠᠷᠢᠯᠴᠠᠭ᠎ᠠ ᠶᠢ ᠨᠢᠭᠲᠠᠷᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠪᠥᠭᠡᠳ ᠨᠠᠮ ᠤᠨ ᠦᠨᠳᠦᠰᠦᠨ ᠱᠠᠲᠤᠨ ᠳᠤ ᠭᠤᠤᠯᠯᠠᠬᠤ ᠤᠳᠤᠷᠢᠳᠤᠯᠭ᠎ᠠ ᠶᠢ ᠬᠡᠷᠡᠭᠵᠢᠭᠦᠯᠬᠦ ᠵᠠᠩᠭᠢᠯᠠᠭ᠎ᠠ ᠶᠢᠨ ᠴᠣᠭᠴᠠ ᠪᠤᠯᠬᠤ ᠤᠴᠢᠷ ᠠᠴᠠ ᠦᠨᠡᠨ ᠬᠦ ᠠᠳᠬᠤᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠥᠭᠵᠢᠯᠲᠡ ᠶᠢ ᠠᠬᠢᠭᠤᠯᠬᠤ ᠬᠤᠰᠢᠭᠤᠴᠢ ᠪᠣᠯᠬᠤ ᠬᠡᠷᠡᠭᠲᠡᠢ᠃ ᠡᠯ᠎ᠡ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠰᠢᠨᠵᠢᠯᠡᠬᠦ ᠤᠬᠠᠭᠠᠨᠴᠢ᠂ ᠠᠵᠢᠯᠴᠢ ᠬᠥᠳᠡᠯᠮᠦᠷᠢᠴᠢ ᠪᠠ ᠬᠠᠤᠯᠢ ᠶᠢ ᠰᠠᠬᠢᠨ ᠡᠵᠡᠩᠨᠡᠬᠦ ᠳᠤ ᠲᠦᠰᠢᠭᠯᠡᠨ᠂ ᠣᠯᠠᠨ ᠲᠦᠮᠡᠨ ᠢ ᠳᠠᠭᠠᠭᠤᠯᠤᠨ ᠬᠠᠮᠲᠤ ᠪᠠᠷ ᠪᠠᠶᠠᠵᠢᠬᠤ ᠪᠠᠷ ᠴᠢᠷᠮᠠᠶᠢᠵᠤ᠂ 2024 ᠣᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠶ᠃ ᠬᠡᠪ ᠴᠢᠨᠠᠷ ᠢᠶᠠᠨ ᠳᠡᠭᠡᠭᠰᠢᠯᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠨ᠂ ᠬᠥᠳᠡᠭᠡ ᠲᠣᠰᠬᠤᠨ ᠤ ᠨᠡᠶᠢᠭᠡᠮ ᠠᠵᠤ ᠠᠬᠤᠶ ᠶᠢᠨ ᠬᠥᠭᠵᠢᠯᠲᠡ ᠶᠢᠨ ᠬᠦᠨᠳᠦ ᠡᠭᠦᠷᠭᠡ ᠶᠢ ᠦᠨᠡᠨ ᠬᠦ ᠡᠭᠦᠷᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠦᠢᠯᠡᠳᠦᠯᠭᠡᠵᠢᠬᠦᠯᠦᠨ ᠶᠡᠷᠦᠩᠬᠡᠶ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠯᠤᠭᠤᠨ ᠬᠥᠬᠡ ᠬᠤᠰᠢᠭᠤᠨ ᠤ ᠠᠵᠤ ᠠᠬᠤᠶ ᠪᠠ ᠨᠡᠶᠢᠭᠡᠮ ᠤᠨ ᠪᠥᠬᠦ ᠲᠠᠯ᠎ᠠ ᠶᠢᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠢᠭᠠᠵᠤ ᠭᠠᠷᠭᠠᠭᠰᠠᠨ ᠪᠠᠶᠢᠨ᠎ᠠ᠃     ᠲᠣᠰ ᠤᠳᠠᠭᠠᠨ ᠤ ᠪᠣᠯᠪᠠᠰᠤᠷᠠᠯ ᠢ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠭᠤᠤᠯᠯᠠᠨ ᠡᠷᠭᠢᠯᠡᠵᠦ᠂ ᠬᠤᠶᠠᠷ ᠬᠤᠭᠤᠴᠠᠭ᠎ᠠ ᠬᠤᠪᠢᠶᠠᠨ ᠬᠤᠭᠤᠴᠠᠭ᠎ᠠ ᠪᠦᠷᠢ ᠶᠢᠨ ᠪᠣᠯᠪᠠᠰᠤᠷᠠᠯ ᠢ ᠭᠤᠷᠪᠠᠨ ᠡᠳᠦᠷ ᠶᠠᠪᠤᠭᠳᠠᠭᠤᠯᠬᠤ ᠪᠠᠷ ᠪᠠᠶᠢᠵᠦ᠂ ᠲᠤᠰᠬᠠᠶ ᠰᠡᠳᠦᠪᠲᠦ ᠵᠢᠭᠠᠨ ᠰᠤᠷᠭᠠᠯᠲᠠ᠂ ᠣᠨᠣᠯ ᠤᠨ ᠰᠢᠯᠭᠠᠯᠲᠠ᠂ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠤᠨ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠨᠠᠷ ᠲᠤ ᠲᠤᠰᠬᠠᠢ ᠰᠡᠳᠦᠪᠳᠤ ᠪᠤᠯᠪᠠᠰᠤᠷᠠᠯ ᠬᠦᠷᠳᠡᠭᠡᠭᠦ ᠪᠤᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号