ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2024/7/10
        ᠠᠷᠠᠳ ᠣᠯᠠᠨ ᠤ ᠬᠦᠰᠡᠯ ᠱᠠᠭᠠᠷᠳᠠᠯᠭ᠎ᠠ ᠵᠢᠴᠢ ᠣᠳᠣᠬᠠᠨ ᠤ ᠪᠠᠶᠢᠳᠠᠯ ᠳᠤ ᠵᠤᠬᠢᠴᠠᠭᠤᠯᠤᠨ᠂ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠰᠡᠷᠭᠡᠶᠢᠯᠡᠨ ᠠᠷᠢᠯᠭᠠᠵᠤ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ᠂ ᠨᠡᠶᠢᠭᠡᠮ ᠤᠨ ᠬᠠᠮᠢᠶᠠᠷᠤᠨ ᠡᠵᠡᠮᠳᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠥᠯᠥᠭᠡ ᠰᠢᠯᠤᠭᠤᠨ ᠬᠥᠬᠡ ᠬᠤᠰᠢᠭᠤᠨ ᠤ ᠳᠣᠲᠣᠭᠠᠳᠤ  ᠶᠢ ᠬᠠᠮᠠᠭᠠᠯᠠᠬᠤ ᠲᠣᠪᠴᠢᠶ᠎ᠠ 7 ᠰᠠᠷ᠎ᠠ ᠶᠢᠨ 1 ᠤ ᠤᠷᠤᠢ ᠠᠴᠠ ᠡᠬᠢᠯᠡᠨ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠦᠯ᠎ᠡ᠃     ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠵᠠᠩ ᠵᠢᠶᠧ ᠡᠬᠢᠯᠡᠯᠲᠡ ᠶᠢᠨ ᠶᠣᠰᠣᠯᠠᠯ ᠳᠡᠭᠡᠷ᠎ᠡ ᠬᠠᠮᠢᠶ᠎ᠠ ᠲᠠᠢ ᠠᠵᠢᠯ  ᠳᠤ ᠪᠠᠶᠢᠷᠢᠯᠠᠭᠤᠯᠤᠯᠳᠠ ᠬᠢᠵᠦ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠨᠠᠮ ᠤᠨ ᠬᠤᠷᠢᠶᠠᠨ ᠤ ᠬᠡᠰᠡᠭ ᠪᠦᠷᠢᠯᠳᠦᠬᠦᠨ ᠶᠣᠰᠣᠯᠠᠯ ᠳᠤ ᠤᠷᠤᠯᠴᠠᠵᠠᠢ᠃     ᠲᠤᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠪᠠᠷ ᠭᠤᠤᠯᠳᠠᠯᠭ᠎ᠠ ᠲᠠᠢ ᠲᠤᠭᠤᠷᠢᠭ᠂ ᠭᠤᠤᠯᠳᠠᠯᠭ᠎ᠠ ᠲᠠᠢ ᠵᠠᠮ ᠤᠨ ᠬᠡᠰᠡᠭ᠂ ᠭᠤᠤᠯᠳᠠᠯᠭ᠎ᠠ ᠲᠠᠢ ᠣᠷᠣᠨ ᠪᠦᠰᠡ ᠶᠢ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠴᠠᠭᠳᠠᠭᠠᠨ ᠤ ᠬᠦᠴᠦᠨ᠂ ᠴᠠᠭᠳᠠᠭᠠᠨ ᠤ ᠲᠡᠷᠭᠡ ᠲᠤᠬᠢᠷᠠᠭᠤᠯᠤᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠳᠠᠪᠲᠠᠮᠵᠢ ᠪᠠ ᠡᠷᠴᠢᠮ ᠢᠶᠠᠨ ᠴᠢᠩᠭᠠᠷᠠᠭᠤᠯᠤᠨ᠂ ᠠᠵᠢᠯ ᠶᠠᠪᠤᠳᠠᠯ ᠢ ᠬᠠᠮᠢᠶᠠᠷᠬᠤ ᠨᠣᠷᠮ᠎ᠠ ᠶᠢ ᠳᠡᠭᠡᠭᠰᠢᠯᠡᠬᠦᠯᠬᠦ ᠪᠤᠯᠤᠨ᠎ᠠ᠃    ᠣᠨᠴᠠ ᠲᠥᠷᠥᠯ ᠤᠨ ᠴᠠᠭᠳᠠᠭᠤᠯ ᠴᠠᠭᠳᠠᠭ᠎ᠠ᠂ ᠡᠯ᠎ᠡ ᠲᠣᠮᠢᠯᠠᠭᠰᠠᠨ ᠰᠠᠯᠪᠤᠷᠢ᠂ ᠠᠮᠤᠷ ᠢ ᠬᠠᠮᠠᠭᠠᠯᠠᠬᠤ ᠶᠡᠭᠡ ᠠᠩᠭᠢ ᠵᠡᠷᠭᠡ ᠴᠠᠭᠳᠠᠭᠠᠨ ᠤ ᠬᠦᠴᠦᠨ ᠳᠤᠭᠤᠶᠢᠯᠠᠩ ᠬᠤᠪᠢᠶᠠᠵᠤ ᠬᠠᠷᠢᠶᠠᠲᠤ ᠣᠷᠣᠨ ᠤ ᠵᠤᠭ᠎ᠠ ᠴᠡᠩᠭᠡᠯ ᠤᠨ ᠭᠠᠵᠠᠷ᠂ ᠲᠦᠷᠢᠶᠡᠰᠦᠨ ᠬᠡᠷ᠂ ᠵᠣᠴᠢᠳ ᠤᠨ ᠪᠠᠭᠤᠳᠠᠯ᠂ ᠰᠥᠨᠢ ᠶᠢᠨ ᠵᠠᠬ᠎ᠠ ᠳᠡᠯᠭᠡᠭᠦᠷ ᠵᠡᠷᠭᠡ ᠭᠠᠵᠠᠷ ᠲᠤ ᠭᠦᠨᠵᠡᠭᠡᠶᠢᠷᠡᠨ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠯ᠎ᠡ ᠲᠠᠯᠠᠪᠤᠷ ᠤᠨ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠰᠠᠭᠠᠳ ᠥᠬᠡᠶ ᠨᠡᠪᠲᠡᠷᠡᠵᠦ ᠪᠠᠶᠢᠬᠤ ᠡᠰᠡᠬᠦ᠂ ᠬᠢᠨᠠᠨ ᠡᠵᠡᠮᠳᠡᠬᠦ ᠲᠦᠭᠦᠭᠡᠷᠦᠮᠵᠢ᠂ ᠭᠠᠯ ᠤᠨᠲᠠᠷᠠᠭᠠᠬᠤ ᠲᠦᠭᠦᠭᠡᠷᠦᠮᠵᠢ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ ᠶᠢ ᠪᠠᠶᠢᠴᠠᠭᠠᠵᠤ᠂ ᠡᠵᠡᠩᠨᠡᠯᠳᠡ ᠶᠢᠨ ᠦᠨᠡᠮᠯᠡᠯ ᠪᠦᠷᠢᠨ ᠪᠤᠰᠤ᠂ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠥᠬᠦᠶ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠥᠬᠡᠶ ᠪᠠᠶᠢᠪᠠᠯ ᠰᠠᠨᠠᠭᠤᠯᠤᠨ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠨᠢ ᠬᠦᠨᠳᠦ ᠨᠣᠴᠢᠲᠠᠶ ᠪᠠᠶᠢᠪᠠᠯ ᠳᠠᠷᠤᠶᠢᠬᠠᠨ ᠡᠵᠡᠩᠨᠡᠯᠳᠡ ᠶᠢ ᠨᠢ ᠵᠣᠭᠰᠣᠭᠠᠨ ᠴᠡᠭᠴᠡᠯᠡᠵᠦ᠂ ᠵᠢᠭᠰᠠᠭᠠᠨ ᠪᠠᠶᠢᠴᠠᠭᠠᠬᠤ ᠠᠵᠢᠯ ᠤᠨ ᠳᠤᠮᠳᠠ ᠢᠯᠡᠷᠡᠭᠦᠯᠦᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠭᠰᠠᠨ ᠪᠠᠶᠢᠨ᠎ᠠ᠃     ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠭᠤᠤᠯᠳᠠᠯᠭ᠎ᠠ ᠲᠠᠢ ᠵᠠᠮ᠂ ᠴᠠᠭ᠂ ᠢᠯᠠᠩᠭᠤᠶ᠎ᠠ ᠰᠥᠨᠢ ᠳᠦᠯᠢ᠂ ᠥᠷᠯᠥᠭᠡ ᠡᠷᠲᠡ ᠵᠢᠴᠢ ᠭᠤᠤᠯᠳᠠᠯᠭ᠎ᠠ ᠲᠠᠢ ᠠᠷᠢᠬᠢᠨ ᠳᠤ ᠬᠤᠯᠪᠣᠭᠳᠠᠬᠤ ᠲᠠᠯᠠᠪᠤᠷ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠲᠡᠷᠭᠡ ᠤᠨᠤᠭ᠎ᠠ ᠶᠢ ᠪᠠᠶᠢᠴᠠᠭᠠᠨ᠂ ᠬᠤᠷᠳᠤᠴᠠ ᠬᠡᠳᠦᠷᠡᠬᠦ᠂ ᠳᠠᠭᠠᠭᠠᠴᠠ ᠬᠡᠳᠦᠷᠡᠭᠦ᠂ ᠬᠦᠮᠦᠨ ᠤ ᠲᠤᠭ᠎ᠠ ᠬᠡᠳᠦᠷᠡᠬᠦ ᠵᠢᠴᠢ ᠶᠠᠳᠠᠷᠠᠭᠰᠠᠨ ᠦᠶᠡᠰ ᠳᠡᠷᠭᠡ ᠵᠢᠯᠤᠭᠤᠳᠬᠤ᠂ ᠠᠷᠢᠬᠢ ᠤᠤᠭᠤᠵᠤ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ᠂ ᠲᠡᠷᠭᠡ ᠤᠨᠤᠭ᠎ᠠ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠬᠠᠤᠯᠢ ᠠᠴᠠ ᠵᠥᠷᠢᠴᠡᠭᠰᠡᠨ ᠭᠤᠤᠯᠳᠠᠯᠭ᠎ᠠ ᠲᠠᠢ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠵᠠᠮ ᠬᠠᠷᠢᠯᠴᠠᠭᠠᠨ ᠤ ᠪᠦᠬᠦᠯᠢ ᠴᠣᠭᠴᠠ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠮ ᠨᠡᠪᠲᠡᠷᠡᠯᠭᠡ ᠶᠢᠨ ᠡᠮᠬᠢ ᠳᠢᠭᠯᠢᠮ ᠢ ᠬᠠᠮᠠᠭᠠᠯᠠᠨ᠂ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠪᠠᠶᠢᠨ᠎ᠠ᠃    ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠦᠷᠬᠦᠯᠵᠢᠯᠡᠨ ᠦᠷᠨᠢᠬᠦᠯᠵᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠂ ᠣᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠯᠤᠭᠤᠨ ᠬᠥᠬᠡ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ ᠪᠠᠷ ᠴᠢᠷᠮᠠᠶᠢᠵᠦ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号