ᠰᠢᠯᠤᠭᠤᠨ ᠬᠥᠬᠡ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ 2024 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/10
        7 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠰᠢᠯᠤᠭᠤᠨ ᠬᠥᠬᠡ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠪᠣᠯᠤᠨ ᠠᠶᠤᠯ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠣᠤ ᠮᠢᠨ ᠬᠤᠷᠠᠯ ᠳᠤ ᠤᠷᠤᠯᠴᠠᠵᠠᠢ᠃       ᠬᠤᠷᠠᠯ ᠠᠴᠠ ︽ᠰᠢᠯᠤᠭᠤᠨ ᠬᠥᠬᠡ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠪᠠ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠥᠰᠦᠯ︾᠂ ︽ᠰᠢᠯᠤᠭᠤᠨ ᠬᠥᠬᠡ ᠬᠤᠰᠢᠭᠤᠨ ᠤ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠠᠰᠠᠭᠤᠳᠠᠯ ᠢ ︿ᠳᠠᠬᠢᠨ ᠪᠠᠶᠢᠴᠠᠭᠠᠵᠤ﹀ ᠴᠡᠭᠴᠡᠯᠡᠨ ᠵᠠᠰᠠᠬᠤ ᠲᠥᠰᠦᠯ︾ ᠢ ᠰᠤᠳᠤᠯᠤᠨ ᠬᠢᠨᠠᠨ ᠵᠦᠪᠯᠡᠵᠦ᠂ ᠯᠢᠦ ᠰᠢᠶᠤᠤ ᠮᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠳᠠᠲᠠᠢ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃       ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ  ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠬᠠᠨᠳᠤᠬᠤ ᠪᠠ ᠠᠬᠢᠭᠤᠯᠬᠤ ᠶᠢ ᠪᠠᠷᠢᠮᠲᠠᠯᠠᠵᠤ᠂ ᠡᠷᠡᠰ ᠪᠠᠲᠤ ᠣᠪᠣᠷ᠂ ᠬᠦᠴᠦᠲᠡᠶ ᠠᠷᠭ᠎ᠠ ᠬᠡᠮᠵᠢᠶ᠎ᠡ ᠪᠠᠷ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠲᠤᠳᠠᠭᠳᠠᠯ ᠪᠠ ᠪᠠᠭᠤᠷᠠᠶ ᠲᠠᠯ᠎ᠠ ᠪᠠᠨ ᠪᠥᠬᠦ ᠲᠠᠯ᠎ᠠ ᠪᠠᠷ ᠨᠥᠬᠦᠪᠥᠷᠢᠯᠡᠵᠦ᠂ ᠠᠮᠢ ᠠᠬᠤᠶ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠴᠡᠭᠴᠡᠯᠡᠨ ᠵᠠᠰᠠᠬᠤ ᠲᠥᠰᠦᠯ ᠲᠠᠢ ᠬᠠᠷᠭᠤᠭᠤᠯᠵᠤ᠂ ᠠᠰᠠᠭᠤᠳᠠᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠵᠦ᠂ ᠠᠵᠢᠯ ᠤᠨ ᠲᠣᠬᠢᠷᠠᠭᠤᠯᠤᠯᠲᠠ ᠬᠢᠵᠦ ᠵᠠᠷᠯᠠᠨ ᠮᠡᠳᠡᠭᠳᠡᠬᠦ ᠲᠦᠷᠢᠮ ᠢ ᠪᠠᠶᠢᠭᠤᠯᠤᠨ᠂ ᠤᠶᠢᠯᠠᠭᠠᠯᠴᠠᠭ᠎ᠠ ᠵᠣᠯᠭᠠᠯᠴᠠᠭ᠎ᠠ ᠪᠠᠨ ᠬᠦᠨᠵᠡᠭᠡᠶᠢᠷᠡᠭᠦᠯᠵᠦ᠂ ᠴᠡᠭᠴᠡᠯᠡᠨ ᠵᠠᠰᠠᠬᠤ ᠱᠠᠭᠠᠷᠳᠠᠯᠭ᠎ᠠ ᠪᠣᠯᠤᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠣᠰ ᠲᠣᠰ ᠤᠨ ᠬᠠᠷᠢᠭᠤᠴᠠᠯᠭ᠎ᠠ ᠪᠠᠨ ᠭᠦᠶᠴᠡᠳᠬᠡᠵᠦ᠂ ᠨᠢᠭᠲᠠ ᠬᠠᠮᠵᠢᠯᠴᠠᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠯ᠎ᠡ ᠵᠦᠶᠯ ᠤᠨ ᠠᠵᠢᠯ ᠢ ᠪᠣᠳᠠᠲᠠᠶ᠂ ᠭᠦᠨᠵᠡᠭᠡᠶ ᠠᠳᠬᠤᠵᠤ᠂ ᠡᠯ᠎ᠡ ᠵᠦᠶᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠪᠠᠳᠤᠯᠠᠨ᠂ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠳᠡᠭᠡᠳᠦ ᠱᠠᠲᠤᠨ ᠤ ᠲᠤᠰᠢᠶᠠᠭᠰᠠᠨ ᠡᠭᠦᠷᠭᠡ ᠶᠢ ᠴᠠᠭ ᠲᠤᠬᠠᠶ ᠳᠤ  ᠨᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃      ᠬᠤᠰᠢᠭᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠡᠯ᠎ᠡ ᠳᠡᠳ᠋ ᠡᠷᠬᠢᠯᠡᠭᠴᠢ᠂ ᠡᠯ᠎ᠡ ᠪᠦᠷᠢᠯᠳᠦᠬᠦᠨ ᠨᠢᠭᠡᠴᠡ ᠵᠢᠴᠢ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号