ᠰᠢᠯᠤᠭᠤᠨ ᠬᠥᠬᠡ ᠬᠤᠰᠢᠭᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/10
         7 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠪᠥᠬᠦ ᠬᠤᠰᠢᠭᠤᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠭᠰᠠᠨ ᠪᠠᠶᠢᠨ᠎ᠠ᠃ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠬᠤᠰᠢᠭᠤᠨ ᠳᠠᠭᠠᠨ ᠪᠠᠶᠢᠭ᠎ᠠ ᠤᠳᠤᠷᠢᠳᠤᠯᠭ᠎ᠠ ᠵᠢᠴᠢ ᠬᠡᠰᠡᠭ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠬᠤᠷᠠᠯ ᠳᠤ ᠤᠷᠤᠯᠴᠠᠵᠠᠢ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠳ᠋ᠦᠩ ᠰᠡᠷᠡᠮᠵᠢᠯᠡᠭᠦᠯᠬᠦ ᠬᠥᠮᠦᠵᠢᠯ ᠤᠨ ᠮᠡᠳᠡᠭᠦᠯᠦᠯᠲᠡ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ︽ᠬᠡᠷᠡᠭ ᠤᠨ ᠵᠢᠱᠢᠶ᠎ᠡ ᠪᠠᠷ ᠥᠭᠡᠷᠡᠴᠢᠯᠡᠯᠲᠡ ᠶᠢ ᠠᠬᠢᠭᠤᠯᠬᠤ︾ ᠵᠠᠳᠠᠯᠤᠯᠲᠠ ᠬᠢᠭᠰᠡᠨ ᠪᠠᠶᠢᠨ᠎ᠠ᠃       ᠬᠤᠷᠠᠯ ᠠᠴᠠ᠂ ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠠᠬᠢᠯᠭ᠎ᠠ ᠪᠠᠲᠤ ᠶᠢ ᠨᠠᠷᠢᠨ ᠬᠢᠨᠠᠮᠠᠭᠠᠢ ᠰᠤᠷᠤᠯᠴᠠᠵᠤ ᠪᠦᠬᠦ ᠲᠠᠯ᠎ᠠ ᠪᠠᠷ ᠤᠶᠢᠯᠠᠭᠠᠨ᠂ ᠰᠠᠬᠢᠯᠭ᠎ᠠ ᠪᠠᠲᠤ ᠶᠢ ᠪᠠᠲᠤ ᠴᠢᠩᠭ᠎ᠠ ᠬᠡᠷᠡᠭᠵᠢᠭᠦᠯᠵᠦ᠂ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠤᠨ ᠪᠠᠶᠢᠩᠭᠤ ᠠᠳᠬᠤᠵᠤ᠂ ᠴᠠᠭ ᠢᠮᠠᠬᠳᠠ ᠴᠢᠩᠭ᠎ᠠ ᠨᠠᠶᠢᠳᠠᠪᠤᠷᠢᠵᠢᠭᠤᠯᠤᠨ᠂ ᠲᠡᠷᠢᠭᠦᠨ ᠤ ᠨᠡᠶᠢᠲᠡᠯᠢᠭ ᠵᠢᠱᠢᠶ᠎ᠡ ᠲᠠᠢ ᠨᠢᠭᠡᠳᠦᠯᠲᠡᠢ ᠪᠠᠶᠢᠵᠤ᠂ ᠬᠡᠷᠡᠭ ᠤᠨ ᠵᠢᠱᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠪᠢᠰᠢᠷᠡᠨ ᠬᠦᠨᠳᠦᠳᠭᠡᠭᠦ᠂ ᠴᠡᠭᠡᠷᠯᠡᠯ ᠪᠤᠯᠭᠠᠬᠤ᠂ ᠬᠤᠷᠢᠭ᠎ᠠ ᠱᠤᠭᠤᠮ ᠢ ᠰᠠᠬᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠨᠠᠮ  ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠲᠣᠬᠢᠶᠠᠯ ᠪᠣᠯᠭᠠᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠰᠠᠨᠠᠭ᠎ᠠ ᠵᠤᠷᠢᠯᠳᠠ ᠶᠢ ᠨᠢ ᠤᠶᠢᠯᠠᠭᠠᠨ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ  ᠢᠶᠠᠨ ᠳᠡᠭᠡᠭᠰᠢᠯᠡᠭᠦᠯᠬᠦ᠂ ᠰᠤᠷᠲᠠᠯ ᠢᠶᠠᠨ ᠰᠠᠶᠢᠵᠢᠷᠠᠭᠤᠯᠬᠤ ᠶᠠᠪᠤᠴᠠ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃       ᠯᠢ ᠪᠥᠸᠧ ᠹᠧᠩ ︽ᠰᠠᠬᠢᠯᠭ᠎ᠠ ᠪᠠᠲᠤ ᠶᠢ ᠰᠤᠷᠤᠯᠴᠠᠵᠤ ᠤᠶᠢᠯᠠᠭᠠᠨ ᠰᠠᠶᠢᠳᠤᠷ ᠰᠠᠬᠢᠵᠦ᠂ ᠰᠢᠯᠤᠭᠤᠨ ᠬᠥᠬᠡ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ︾ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠵᠤ ᠴᠢᠬᠤᠯᠠᠴᠢᠯᠠᠬᠤ ᠳᠠᠭᠠᠨ᠂ ᠪᠥᠬᠦ ᠬᠤᠰᠢᠭᠤ ᠪᠠᠷ  ᠢᠶᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ  ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠬᠦᠨᠵᠡᠭᠡᠶᠢᠷᠡᠭᠦᠯᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾ ᠤᠨ ᠭᠤᠤᠯ ᠵᠣᠷᠢᠯᠲᠠ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠳᠡᠨ᠂ ᠰᠤᠷᠤᠯᠴᠠᠬᠤ᠂ ᠤᠶᠢᠯᠠᠭᠠᠬᠤ᠂ ᠪᠠᠷᠢᠮᠳᠠᠯᠠᠬᠤ ᠲᠠᠯ᠎ᠠ ᠪᠠᠷ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦ ᠰᠠᠭᠤᠷᠢ ᠶᠢ ᠪᠠᠬᠢᠵᠢᠭᠦᠯᠬᠦ᠂ ᠨᠠᠮᠴᠢ ᠴᠢᠨᠠᠷ ᠤᠨ ᠤᠬᠠᠮᠰᠠᠷ ᠢᠶᠠᠨ ᠳᠡᠭᠡᠭᠰᠢᠯᠡᠭᠦᠯᠬᠦ᠂ ᠢᠯᠵᠠᠷᠠᠯ ᠢ ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠪᠠ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠳᠠᠲᠠᠶ ᠦᠷ᠎ᠡ ᠪᠦᠲᠦᠮᠵᠢ ᠪᠤᠯᠭᠠᠨ ᠬᠤᠪᠢᠷᠠᠭᠤᠯᠵᠤ᠂ ᠣᠳᠣᠬᠢᠴᠢᠯᠠᠭᠰᠠᠨ ᠰᠢᠯᠤᠭᠤᠨ ᠬᠥᠬᠡ ᠬᠤᠰᠢᠭᠤᠨ ᠤ ᠪᠦᠲᠦᠭᠡᠨ ᠪᠠᠶᠢᠭᠤᠯᠤᠯᠲᠠ ᠳᠤ ᠬᠦᠴᠦᠳᠡᠢ ᠰᠠᠬᠢᠯᠭ᠎ᠠ ᠪᠠᠲᠤ  ᠶᠢᠨ ᠪᠠᠲᠤᠯᠠᠭ᠎ᠠ ᠬᠠᠩᠭᠠᠬᠤ ᠬᠡᠷᠡᠭᠳᠡᠢ ᠭᠡᠰᠡᠨ ᠪᠠᠶᠢᠨ᠎ᠠ᠃       ᠬᠤᠷᠠᠯ ᠳᠤ ᠣᠷᠣᠯᠴᠠᠭᠰᠠᠳ ᠬᠠᠮᠳᠤ ᠳᠠᠭᠠᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠰᠤᠨᠢᠷᠬᠠᠭᠰᠠᠨ ᠪᠠᠶᠢᠨ᠎ᠠ᠃       ᠡᠯ᠎ᠡ ᠰᠤᠮᠤ ᠪᠠᠯᠭᠠᠰᠤ ︵ᠲᠠᠯᠠᠪᠠᠶ︶᠂ ᠬᠤᠰᠢᠭᠤ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠬᠤᠷᠠᠯ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号