ᠠᠯᠳᠠᠩᠬᠤᠸ᠎ᠠ ᠴᠡᠴᠡᠭ ᠤᠨ ᠣᠳᠣ ᠦᠶ᠎ᠡ ᠶᠢᠨ ᠲᠠᠷᠢᠵᠤ ᠤᠷᠭᠤᠭᠤᠯᠬᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠠᠵᠢᠯ ᠡᠮᠬᠢ ᠵᠢᠷᠤᠮ ᠲᠠᠢ ᠶᠠᠪᠤᠠᠠᠳᠠᠵᠤ ᠪᠣᠢ
ᠨᠡᠶᠢᠲᠡᠯᠡᠭᠰᠡᠨ ᠴᠠᠭ᠄
2024/7/10
        ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠯᠲᠡ ᠶᠢᠨ ᠵᠠᠮ  ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠵᠶ᠋ᠠᠨ‌ᠮᠠᠨᠳᠤᠭᠤᠯᠬᠤ︾ ᠠᠵᠢᠯᠯᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠢᠯᠤᠭᠤᠨ ᠬᠥᠬᠡ ᠬᠤᠰᠢᠭᠤ ᠲᠤᠬᠠᠶ ᠶᠢᠨ ᠭᠠᠵᠠᠷ ᠣᠷᠣᠨ ᠤ ᠪᠠᠶᠢᠳᠠᠯ  ᠳᠠᠭᠠᠨ ᠲᠣᠬᠢᠷᠠᠭᠤᠯᠤᠨ᠂ ᠠᠯᠳᠠᠩᠬᠤᠸ᠎ᠠ ᠴᠡᠴᠡᠭ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠲᠠᠷᠢᠮᠠᠯ ᠪᠠ ᠠᠵᠤ ᠦᠶᠯᠡᠰ ᠤᠨ ᠬᠥᠭᠵᠢᠯᠲᠡ ᠶᠢᠨ ᠲᠥᠷᠥᠯ ᠵᠦᠶᠯ ᠢ ᠲᠥᠯᠥᠪᠵᠢᠭᠦᠯᠵᠦ᠂ ᠲᠠᠪᠦ‍ ᠨᠢᠬᠡ‌ᠮᠠᠯᠵᠢᠯ ᠤᠨ ᠲᠠᠯᠠᠪᠠᠶ ᠳᠤ ᠠᠯᠳᠠᠩᠬᠤᠸ᠎ᠠ ᠴᠡᠴᠡᠭ ᠤᠨ ᠣᠲᠣ ᠦᠶ᠎ᠡ ᠶᠢᠨ ᠲᠠᠷᠢᠵᠤ ᠤᠷᠭᠤᠭᠤᠯᠬᠤ ᠠᠵᠤ ᠦᠶᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠢ ᠪᠥᠲᠥᠭᠡᠨ ᠪᠠᠶᠢᠭᠤᠯᠵᠠᠢ᠃      ᠰᠤᠷᠪᠤᠯᠵᠢᠯᠠᠭᠴᠢ ᠰᠢᠯᠤᠭᠤᠨ ᠬᠥᠬᠡ ᠬᠤᠰᠢᠭᠤᠨ ᠤ ᠲᠠᠪᠦ‍ ᠨᠢᠬᠡ ᠮᠠᠯᠵᠢᠯ ᠤᠨ ᠲᠠᠯᠠᠪᠠᠶ ᠵᠢᠨ‌ᠠᠯᠳᠠᠩᠬᠤᠸ᠎ᠠ ᠴᠡᠴᠡᠭ ᠤᠨ ᠣᠳᠣ ᠦᠶ᠎ᠡ ᠶᠢᠨ ᠲᠠᠷᠢᠵᠤ ᠤᠷᠭᠤᠭᠤᠯᠬᠤ ᠠᠵᠤ ᠦᠶᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠬᠦᠷᠬᠦ ᠳᠤ᠂ ᠬᠥᠮᠦᠨ ᠤ ᠬᠦᠴᠦ ᠪᠠᠷ ᠲᠠᠷᠢᠵᠤ ᠪᠠᠶᠢᠭ᠎ᠠ ᠠᠯᠳᠠᠩᠬᠤᠸ᠎ᠠ ᠴᠡᠴᠡᠭ ᠬᠠᠷᠠᠴᠠ ᠪᠤᠯᠢᠶᠠᠮ᠎ᠠ ᠲᠡᠯᠭᠡᠷᠡᠭᠰᠡᠡ ᠪᠠᠶᠢᠯ᠎ᠠ᠃ ᠨᠥᠭᠦᠭᠡ ᠲᠤᠭᠤᠷᠢᠭ ᠲᠤ᠂ ᠠᠵᠢᠯᠴᠢᠳ ᠪᠠᠰᠠ ᠬᠦᠯᠡᠮᠵᠢ  ᠶᠢᠨ ᠫᠧᠩ ᠢ ᠱᠠᠯᠠᠪᠳᠠᠨ ᠪᠠᠶᠢᠭᠤᠯᠵᠤ᠂ ᠮᠠᠯᠳᠠᠭᠤᠷ ᠲᠡᠷᠭᠡ᠂ ᠴᠢᠷᠦᠭᠦᠯ ᠲᠡᠷᠭᠡ᠂ ᠳᠠᠷᠤᠯᠲᠠᠲᠤ ᠮᠠᠰᠢᠨ ᠨᠠᠭᠠᠰᠢ ᠴᠠᠭᠠᠰᠢ ᠵᠣᠷᠴᠢᠨ ᠠᠬᠤᠢ ᠲᠠᠯᠠᠪᠠᠢ ᠬᠦᠷ ᠬᠦᠭᠵᠢᠶᠡᠨᠳᠡᠢ ᠪᠠᠶᠢᠯ᠎ᠠ᠃    ᠣᠶᠢᠯᠠᠭᠠᠭᠰᠠᠨ ᠢᠶᠠᠷ᠂ ᠠᠯᠳᠠᠩᠬᠤᠸ᠎ᠠ‌‍ᠴᠡᠴᠡᠭ ᠤᠨ ᠣᠲᠣ ᠦᠶ᠎ᠡ ᠶᠢᠨ ᠲᠠᠷᠢᠵᠤ ᠤᠷᠭᠤᠭᠤᠯᠬᠤ ᠠᠵᠤ ᠦᠶᠯᠡᠰ  ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠨᠢ ᠬᠡᠭᠡᠷ᠎ᠡ ᠶᠢᠨ ᠤᠷᠭᠤᠮᠠᠯ ᠢ ᠲᠡᠭᠦᠵᠦ ᠴᠤᠠᠠᠯᠠᠭᠤᠯᠥᠨ᠂ ︽ᠲᠠᠷᠢᠵᠤ ᠤᠷᠭᠤᠭᠤᠯᠬᠤ‌‍ᠲ᠋ᠡᠯᠭᠡᠷᠡᠭᠦᠯᠬᠦ ᠶᠢ ᠨᠢᠭᠡ ᠴᠤᠭᠴᠠᠵᠢᠭᠤᠯᠬᠤ︾ ᠵᠠᠭᠪᠤᠷ ᠢ ᠪᠥᠷᠢᠯᠳᠦᠬᠦᠯᠵᠤ ᠪᠤᠢ᠃ ᠲᠥᠷᠥᠯ ᠵᠦᠶᠯ ᠤᠨ ᠬᠠᠮᠢᠶ᠎ᠠ ᠪᠥᠬᠦᠶ ᠠᠵᠢᠯᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠣᠰ ᠰᠠᠭᠤᠷᠢᠨ ᠭᠠᠵᠠᠷ ᠪᠠᠶᠢᠭᠤᠯᠤᠭᠳᠠᠭᠰᠠᠨ ᠤ ᠳᠠᠷᠠᠭ᠎ᠠ ᠰᠣᠨᠢᠷᠬᠠᠯ ᠤᠨ ᠴᠢᠨᠠᠷᠲᠠᠶ᠂ ᠰᠢᠨᠵᠢᠯᠡᠬᠦ ᠤᠬᠠᠭᠠᠨ ᠤ ᠰᠤᠳᠤᠯᠭᠠᠨ ᠤ ᠴᠢᠨᠠᠷᠲᠠᠶ᠂ ᠬᠡᠷᠡᠭᠯᠡᠭᠡᠨ ᠤ ᠴᠢᠨᠠᠷᠲᠠᠶ᠂ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ  ᠶᠢ ᠨᠢᠭᠡ ᠴᠤᠠᠠᠴᠠᠵᠢᠭᠤᠯᠬᠤ ᠪᠤᠯᠥᠨ᠎ᠠ ᠭᠡᠯ᠎ᠡ᠃    ᠮᠧᠩ ᠼᠤᠤ ᠠᠮᠢ ᠠᠬᠤᠶ ᠣᠷᠴᠢᠨ ᠲᠣᠭᠤᠷᠢᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠤᠬᠠᠶ  ᠶᠢᠨ ᠲᠠᠯᠠᠪᠠᠶ ᠶᠢᠨ ᠮᠡᠷᠭᠡᠵᠢᠯᠲᠡᠨ ᠯᠢᠦ ᡁᠢ᠄ ︽ᠲᠣᠰ ᠲᠥᠷᠥᠯ ᠵᠦᠶᠯ ᠨᠢ 163 ᠮᠥ ᠭᠠᠵᠠᠷ ᠪᠠᠶᠢᠵᠤ ᠨᠡᠶᠢᠳᠠ ᠭᠤᠷᠪᠠᠨ ᠲᠥᠷᠥᠯ ᠳᠤ ᠬᠤᠪᠢᠶᠠᠵᠤ ᠪᠠᠶᠢᠨ᠎ᠠ᠂ ᠡᠬᠦᠨ ᠳᠤ ᠠᠯᠳᠠᠩᠬᠤᠸ᠎ᠠ ᠴᠡᠴᠡᠭ ᠤᠨ ᠲᠠᠷᠢᠶᠠᠨ ᠭᠠᠵᠠᠷ᠂ ᠲᠣᠮᠣ ᠫᠧᠩ ᠤᠨ ᠲᠥᠷᠥᠯ ᠵᠦᠢᠯ᠂ ᠤᠶᠤᠨᠲᠤ ᠬᠦᠯᠡᠮᠵᠢ ᠵᠡᠷᠬᠡ ᠪᠠᠶᠢᠵᠦ᠂ 8 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠬᠤ ᠪᠠᠷ ᠲᠥᠯᠥᠪᠯᠡᠵᠦ ᠪᠠᠶᠢᠨ᠎ᠠ︾ ᠬᠡᠯ᠎ᠡ᠃    ᠰᠢᠯᠤᠭᠤᠨ ᠬᠥᠬᠡ ᠬᠤᠰᠢᠭᠤᠨ ᠳᠤ ᠠᠯᠳᠠᠩᠬᠤᠸ᠎ᠠ ᠴᠡᠴᠡᠭ ᠤᠨ ᠤᠳᠤ ᠦᠶ᠎ᠡ ᠶᠢᠨ ᠲᠠᠷᠢᠵᠤ ᠤᠷᠭᠤᠭᠤᠯᠬᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠨᠢ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠬᠥᠭᠵᠢᠯᠲᠡ ᠶᠢᠨ ᠢᠷᠡᠭᠡᠳᠦᠶ ᠲᠠᠢ ᠶᠤᠮ᠃ ᠠᠯᠳᠠᠩᠬᠤᠸ᠎ᠠ ᠴᠡᠴᠡᠭ ᠢ ᠲᠠᠷᠢᠵᠤ ᠤᠷᠭᠤᠭᠤᠯᠬᠤ‌ᠮᠡᠷᠭᠡᠵᠢᠯ ᠤᠨ ᠰᠤᠳᠤᠯᠭᠠᠨ ᠪᠠ ᠰᠢᠨ᠎ᠡ ᠶᠢ ᠡᠭᠦᠳᠬᠦ ᠶᠢ ᠴᠢᠩᠭᠠᠳᠬᠠᠬᠤ ᠪᠠᠷ ᠳᠠᠮᠵᠢᠭᠤᠯᠤᠨ᠂ ᠠᠵᠤ ᠦᠶᠢᠯᠡᠰᠵᠢᠭᠰᠡᠨ ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ ᠦᠷ᠎ᠡ ᠠᠰᠢᠭ᠂ ᠠᠮᠢ ᠠᠬᠤᠶ ᠶᠢᠨ ᠪᠠ ᠨᠡᠶᠢᠭᠡᠮ ᠤᠨ ᠬᠠᠮᠲᠤ ᠪᠠᠷ ᠠᠰᠢᠭ ᠭᠥᠷᠳᠡᠬᠦ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠮᠠᠨ ᠤ ᠬᠤᠰᠢᠭᠤᠨ ᠤ ᠠᠯᠳᠠᠩᠬᠤᠸ᠎ᠠ ᠴᠡᠴᠡᠭ ᠤᠨ ᠠᠵᠤ ᠦᠶᠯᠡᠰ ᠤᠨ ᠦᠷᠭᠦᠯᠵᠢᠯᠡᠬᠦ ᠬᠥᠭᠵᠢᠯᠲᠡ  ᠳᠤ ᠪᠠᠲᠤ ᠪᠠᠬᠢ ᠰᠠᠭᠤᠷᠢ ᠶᠢ ᠲᠠᠯᠪᠢᠵᠤ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号