| | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠵᠦ᠂ ᠺᠠᠳ᠋ᠷ | ᠠᠵᠢᠯᠲᠠᠨ ᠤ ᠰᠣᠶᠣᠯ ᠲᠠᠮᠢᠷ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ᠥᠷᠭᠡᠨ ᠣᠯᠠᠨ ᠺᠠᠳ᠋ᠷ | ᠠᠵᠢᠯᠲᠠᠨ ᠤ ᠪᠦᠯᠬᠦᠮᠳᠡᠯ ᠨᠢᠠᠠᠳᠠᠷᠠᠯ ᠢ ᠴᠢᠩᠭᠠᠳᠬᠠᠬᠤ ᠶᠢᠨ ᠲᠣᠰᠠᠳᠠ᠂ 6 ᠰᠠᠷ᠎ᠠ ᠶᠢᠨ 28 ᠤ ᠡᠳᠦᠷ᠂ | ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ ᠢ ᠪᠠᠲᠤ ᠴᠣᠭᠴᠠᠯᠠᠵᠤ ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ ᠡᠷᠡᠯᠬᠡᠭᠯᠡᠨ ᠤᠷᠤᠭᠰᠢᠯᠠᠬᠤ | ︾ ᠪᠠᠷ ᠭᠤᠤᠯ ᠰᠡᠳᠦᠪ ᠪᠣᠯᠭᠠᠠᠠᠰᠠᠨ᠂ ᠬᠠᠪᠢᠷᠭ᠎ᠠ ᠪᠠᠯᠭᠠᠰᠤᠨ ᠤ 2024 ᠣᠨ ᠤ ︽ᠪᠦᠯᠬᠦᠮᠳᠡᠯ ᠬᠤᠨᠳᠠᠭᠠᠲᠤ︾ | ᠠᠵᠢᠯᠴᠢᠨᠠᠵᠢᠯᠲᠠᠨ ᠤ ᠲᠠᠮᠢᠷ ᠤᠨ ᠴᠤᠭᠯᠠᠭᠠᠨ ᠢ ᠡᠷᠭᠢᠯᠡᠵᠦ᠂ ᠪᠥᠬᠦ ᠪᠠᠯᠭᠠᠰᠤᠨ ᠤ ᠺᠠᠳ᠋ᠷ ᠠᠵᠢᠯᠲᠠᠨ ᠤ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠷᠡᠯᠬᠡᠭᠯᠡᠨ ᠲᠡᠮᠡᠴᠡᠬᠦ ᠰᠠᠶᠢᠨ ᠰᠠᠶᠢᠬᠠᠨ ᠳᠦᠷᠰᠦ ᠪᠠᠶᠢᠳᠠᠯ ᠢ ᠭᠦᠶᠴᠡᠳ | ᠢᠯᠡᠷᠡᠭᠦᠯᠵᠦ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ | ᠢᠶᠠᠨ ᠡᠷᠭᠦᠬᠦ ᠶᠢ ᠵᠣᠷᠢᠠᠠᠵᠢᠭᠤᠯᠣᠠᠠᠰᠠᠨ ᠪᠠᠶᠢᠨ᠎ᠠ᠃ | ᠲᠤᠰ ᠤᠳᠠᠭᠠᠨ ᠤ ᠲᠠᠮᠢᠷ ᠤᠨ ᠴᠤᠭᠯᠠᠭᠠᠨ ᠳᠤ ᠲᠡᠪᠡᠭ ᠢᠰᠬᠦᠯᠬᠦ᠂ ᠳᠡᠭᠡᠰᠦ ᠦᠰᠦᠷᠬᠦ᠂ ᠲᠤᠭᠤᠯᠭᠠᠨ | ᠪᠥᠮᠪᠦᠭᠡ ᠰᠢᠳᠡᠬᠦ᠂ ᠳᠡᠭᠡᠰᠦ ᠲᠠᠲᠠᠬᠤ ᠵᠡᠷᠭᠡ ᠣᠯᠠᠨ ᠲᠥᠷᠥᠯ ᠵᠦᠢᠯ ᠤᠨ ᠬᠦᠳᠡᠯᠬᠡᠬᠡᠨ ᠪᠠᠶᠢᠵᠤ᠂ ᠣᠯᠠᠨ ᠢᠶᠠᠷ | ᠢᠶᠠᠨ ᠣᠷᠬᠢᠯᠣᠮ᠎ᠠ ᠬᠠᠯᠠᠭᠤᠨ ᠰᠡᠳᠬᠢᠯᠬᠡ ᠪᠠᠷ ᠠᠵᠢᠯᠯᠠᠭ᠎ᠠ ᠳᠤ ᠣᠷᠣᠯᠴᠬᠠᠰᠠᠨ ᠪᠠᠶᠢᠨ᠎ᠠ᠃ | ᠡᠨᠡ ᠤᠳᠠᠭᠠᠨ ᠤ ᠬᠠᠪᠢᠷᠭ᠎ᠠ ᠪᠠᠯᠭᠠᠰᠤᠨ ᠤ ︽ᠪᠦᠯᠬᠦᠮᠳᠡᠯ ᠬᠤᠨᠳᠠᠭᠠᠲᠤ︾ ᠪᠡᠶ᠎ᠡ ᠲᠠᠮᠢᠷ ᠤᠨ ᠴᠤᠭᠯᠠᠭᠠᠨ ᠢ | ᠠᠮᠵᠢᠯᠲᠠ ᠲᠠᠢ ᠡᠷᠭᠢᠯᠡᠭᠰᠡᠨ ᠨᠢ ᠠᠵᠢᠯᠲᠠᠨ ᠠᠵᠢᠯᠴᠢᠨ ᠤ ᠥᠪᠡᠷ ᠢ ᠪᠠᠨ ᠳᠡᠯᠭᠡᠨ ᠦᠵᠡᠭᠦᠯᠬᠦ᠂ ᠥᠪᠡᠷ ᠢ ᠪᠠᠨ | ᠥᠷᠢᠰᠦᠯᠳᠦᠬᠦ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠡᠯ᠎ᠡ ᠰᠠᠯᠠᠭ᠎ᠠ ᠮᠥᠴᠢᠷ ᠤᠨ ᠰᠣᠯᠢᠯᠴᠠᠭ᠎ᠠ ᠪᠠ | ᠦᠶᠯᠡᠳᠦᠯᠴᠡᠯ ᠢ ᠠᠬᠢᠭᠤᠯᠵᠤ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠴᠢᠩᠭᠠᠳᠬᠠᠭᠰᠠᠨ ᠪᠠᠶᠢᠨ᠎ᠠ᠃ | ᠣᠯᠠᠨ ᠢᠶᠠᠷ ᠢᠶᠠᠨ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠨ ᠥᠯᠢᠭᠡᠷ ᠳᠠᠭᠤᠷᠢᠶᠠᠯ ᠪᠣᠯᠵᠣ᠂ ᠲᠣᠰ ᠲᠣᠰ ᠤᠨ ᠠᠵᠢᠯ ᠤᠨ ᠪᠠᠶᠢᠷᠢ ᠳᠡᠭᠡᠷ᠎ᠡ | ᠪᠠᠨ ᠪᠣᠳᠠᠳᠣ ᠠᠮᠵᠢᠯᠲᠠ ᠭᠠᠷᠭᠠᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠨ᠎ᠡ ᠭᠡᠵᠦ ᠢᠯᠡᠳᠬᠡᠵᠡᠭᠡᠪᠡ᠃ | |