ᠬᠤᠷᠳᠤᠨ ᠤ ᠵᠠᠮ ᠤᠨ ᠰᠠᠩ ᠤᠨ ᠲᠡᠯᠡᠶ ᠶᠡᠭᠡ ᠠᠩᠭᠢ ᠵᠠᠮ ᠬᠠᠷᠢᠯᠴᠠᠭᠠᠨ ᠤ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/10
         ᠵᠣᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠡᠵᠡᠮᠳᠡᠬᠦ ᠶᠢᠨ ᠲᠥᠯᠥᠭᠡ ᠤᠶᠢᠷ᠎ᠠ ᠶᠢᠨ ᠡᠳᠦᠷ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠤᠷᠳᠤᠨ ᠤ ᠵᠠᠮ ᠤᠨ ᠬᠤᠶᠠᠳᠤᠭᠠᠷ ᠰᠠᠯᠪᠤᠷᠢ ᠠᠩᠭᠢ ᠶᠢᠨ ᠰᠠᠩ ᠤᠨ ᠲᠡᠯᠡᠶ ᠶᠡᠭᠡ ᠠᠩᠭᠢ ᠵᠣᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠦᠯ᠎ᠡ᠃        ᠰᠢᠯᠢ ᠶᠢᠨ ᠭᠤᠤᠯ ᠠᠶᠢᠮᠠᠭ ᠤᠨ ᠵᠠᠮ ᠤᠨ ᠶᠠᠪᠤᠳᠠᠯ ᠤᠨ ᠰᠠᠯᠪᠤᠷᠢ ᠠᠩᠭᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠮᠧᠩ ᠲᠦᠩ ᠠᠷᠠᠴᠢᠯᠠᠨ ᠬᠠᠮᠠᠭᠠᠯᠠᠬᠤ ᠺᠣᠮᠫᠠᠨᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠰᠢᠯᠢ ᠶᠢᠨ ᠭᠤᠤᠯ ᠤᠨ ᠬᠤᠪᠢᠶᠠᠷᠢ ᠺᠣᠮᠫᠠᠨᠢ ᠵᠡᠷᠭᠡ ᠨᠢᠭᠡᠴᠡ ᠶᠢᠨ ᠬᠢᠨ ᠨᠡᠶᠢᠳᠡ 50 ᠭᠠᠷᠤᠶ ᠬᠥᠮᠦᠨ ᠲᠤᠰᠬᠠᠢ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃      ᠠᠵᠢᠯᠯᠠᠭ᠎ᠠ ᠪᠠᠷ᠂ ᠬᠤᠷᠳᠤᠨ ᠤ ᠵᠠᠮ ᠤᠨ ᠬᠤᠶᠠᠳᠤᠭᠠᠷ ᠰᠠᠯᠪᠤᠷᠢ ᠠᠩᠭᠢ ᠶᠢᠨ ᠰᠠᠩ ᠤᠨ ᠲᠡᠯᠡᠶ ᠳᠠᠬᠢ ᠶᠡᠭᠡ ᠠᠩᠭᠢ ᠠᠴᠠ ᠠᠷᠢᠬᠢ ᠤᠤᠭᠤᠵᠤ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ᠂ ᠲᠡᠮᠳᠡᠭ ᠦᠨᠡᠮᠯᠡᠯ ᠪᠦᠷᠢᠨ ᠪᠤᠰᠤ᠂ ᠶᠠᠳᠠᠷᠠᠭᠰᠠᠨ ᠤ ᠳᠠᠷᠠᠭ᠎ᠠ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠵᠢᠯᠣᠭᠤᠴᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠬᠢᠵᠦ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ ᠶᠢᠨ ᠬᠤᠤᠷ ᠬᠥᠨᠥᠭᠡᠯᠲᠦ ᠴᠢᠨᠠᠷ ᠪᠠ ᠡᠭᠦᠷᠭᠡᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠭᠤᠤᠯᠳᠠᠯᠭ᠎ᠠ ᠲᠠᠢ ᠤᠬᠠᠭᠤᠯᠤᠨ᠂ ᠤᠯᠠᠨ ᠲᠦᠮᠡᠨ ᠤ ᠠᠮᠢ ᠨᠠᠰᠤ ᠪᠠᠨ ᠨᠠᠨᠳᠢᠩᠨᠠᠨ ᠬᠠᠶᠢᠷᠠᠯᠠᠬᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠠᠴᠠ ᠳᠠᠳᠠᠭᠠᠯᠵᠠᠬᠤ ᠶᠢ ᠤᠬᠠᠭᠤᠯᠤᠨ ᠵᠢᠯᠤᠭᠤᠳᠤᠭᠰᠠᠨ ᠪᠠᠶᠢᠨ᠎ᠠ᠃      ᠬᠤᠷᠳᠤᠨ ᠤ ᠵᠠᠮ ᠤᠨ ᠬᠤᠶᠠᠳᠤᠭᠠᠷ ᠰᠠᠯᠪᠤᠷᠢ ᠠᠩᠭᠢ ᠶᠢᠨ ᠰᠠᠩ ᠤᠨ ᠳᠠᠯᠠᠢ ᠶᠡᠭᠡ ᠠᠩᠭᠢ ᠶᠢᠨ ᠳᠡᠳ᠋ ᠳᠠᠷᠤᠭ᠎ᠠ ᠴᠧᠩ ᠢᠦᠢ ᠵᠢᠶᠠ ᠬᠡᠯᠡᠬᠦ ᠳᠡᠭᠡᠨ᠄ ︽ᠪᠢᠳᠡ ᠡᠳᠦᠷ ᠲᠤᠲᠤᠮ ᠤᠨ ᠠᠵᠢᠯ ᠤᠨ ᠪᠣᠳᠠᠲᠤ ᠪᠠᠶᠢᠳᠠᠯ ᠲᠠᠢ  ᠪᠠᠨ ᠤᠶᠠᠯᠳᠤᠭᠤᠯᠤᠨ᠂ ᠪᠦᠬᠦ ᠴᠠᠭᠳᠠᠭ᠎ᠠ ᠵᠠᠮ ᠳᠡᠭᠡᠷ᠎ᠡ ᠵᠢᠵᠢᠭᠦᠷᠯᠡᠨ ᠬᠠᠤᠯᠢ ᠬᠡᠷᠡᠭᠵᠢᠭᠦᠯᠬᠦ ᠠᠵᠢᠯ ᠳᠤ ᠤᠷᠤᠯᠴᠠᠵᠤ᠂ ᠦᠶᠯᠡᠴᠢᠯᠡᠭᠡᠨ ᠤ ᠠᠵᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠵᠠᠮ ᠤᠨ ᠬᠠᠮᠢᠶᠠᠷᠤᠯᠲᠠ ᠶᠢ ᠨᠠᠷᠢᠯᠢᠭᠵᠢᠭᠤᠯᠤᠨ᠂ ᠰᠣᠭᠲᠣᠭᠤ ᠪᠠᠷ ᠲᠡᠷᠭᠡ ᠵᠢᠯᠣᠭᠤᠳᠬᠤ᠂ ᠬᠥᠮᠦᠨ ᠤ ᠲᠤᠭ᠎ᠠ ᠶᠢ ᠬᠡᠲᠦᠷᠡᠭᠦᠯᠬᠦ᠂ ᠬᠤᠷᠳᠤᠴᠠ ᠬᠡᠲᠦᠷᠡᠭᠦᠯᠬᠦ᠂ ᠬᠤᠷᠳᠤᠨ ᠤ ᠵᠠᠮ ᠳᠡᠭᠡᠷ᠎ᠡ ᠬᠠᠤᠯᠢ ᠠᠴᠠ ᠵᠥᠷᠢᠴᠡᠨ ᠲᠡᠷᠭᠡ ᠵᠣᠭᠰᠣᠭᠠᠬᠤ᠂ ᠶᠠᠳᠠᠷᠠᠭᠰᠠᠨ ᠤ ᠳᠠᠷᠠᠭ᠎ᠠ ᠲᠡᠷᠭᠡ ᠵᠢᠯᠣᠭᠤᠳᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ ᠪᠤᠢ︾ ᠭᠡᠯ᠎ᠡ᠃     ᠲᠣᠰ ᠤᠳᠠᠭᠠᠨ ᠤ ᠠᠵᠢᠯᠯᠠᠭ᠎ᠠ ᠳᠤ ᠡᠯ᠎ᠡ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠰᠥᠨᠢ ᠪᠠᠷ ᠴᠠᠭᠳᠠᠬᠤ ᠪᠠ ᠬᠡᠷᠡᠭ ᠰᠢᠢᠳᠪᠦᠷᠢᠯᠡᠬᠦ ᠲᠤᠭ᠎ᠠ ᠨᠣᠷᠮ᠎ᠠ ᠶᠢ ᠳᠡᠭᠡᠭᠰᠢᠯᠡᠭᠦᠯᠵᠦ᠂ ᠠᠮᠤᠷ ᠲᠦᠪᠰᠢᠨ᠂ ᠪᠣᠯᠪᠠᠰᠤᠨ᠂ ᠡᠮᠬᠢ ᠴᠡᠭᠴᠡ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠦᠷᠢᠯᠳᠦᠬᠦᠯᠬᠦ ᠪᠤᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号