| | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠣᠯ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ | ᠬᠦᠰᠡᠯ ᠡᠷᠡᠮᠡᠯᠵᠡᠯ ᠢ ᠬᠠᠩᠭᠠᠵᠤ᠂ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠴᠢᠬᠤᠯᠠ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠮᠥᠨ᠃ ᠡᠨᠡ ᠵᠢᠯ᠂ ᠰᠢᠯᠤᠭᠤᠨ ᠬᠥᠬᠡ ᠬᠤᠰᠢᠭᠤ ᠡᠷᠡᠭᠦᠯᠵᠢᠯ ᠰᠤᠪᠢᠯᠠᠯᠳᠠ | ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠶᠴᠡᠳ ᠠᠰᠢᠭᠯᠠᠨ ᠨᠠᠰᠤᠵᠢᠯ ᠤᠨ ᠠᠵᠤ ᠦᠶᠯᠡᠰ ᠤᠨ ᠪᠥᠲᠥᠭᠡᠨ | ᠪᠠᠶᠢᠭᠤᠯᠤᠯᠲᠠ ᠪᠤᠯᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠵᠢᠭᠤᠯᠴᠢᠯᠠᠯ ᠰᠤᠪᠢᠯᠠᠯᠲᠠ ᠶᠢᠨ ᠵᠣᠯ | ᠵᠢᠷᠭᠠᠯᠲᠤ ᠬᠤᠳᠠᠬᠠᠨ ᠢ ᠢᠳᠡᠪᠬᠢᠲᠡᠶ ᠴᠤᠭᠴᠠᠯᠠᠵᠤ ᠪᠤᠢ᠃ | ᠣᠶᠢᠷ᠎ᠠ ᠳᠤ᠂ ᠰᠢᠯᠤᠭᠤᠨ ᠬᠥᠬᠡ ᠬᠤᠰᠢᠭᠤᠨ ᠤ ᠶᠢᠨ ᠴᠧᠩ ᠨᠠᠰᠤᠲᠠᠶᠢᠴᠤᠳ ᠤᠨ ᠵᠢᠭᠤᠯᠴᠢᠯᠠᠯ | ᠰᠤᠪᠢᠯᠠᠯᠲᠠ ᠶᠢᠨ ᠲᠥᠪ ᠤᠨ ᠪᠠᠷᠢᠯᠭ᠎ᠠ ᠶᠢᠨ ᠲᠠᠯᠠᠪᠠᠶ ᠳᠤ ᠠᠵᠢᠯᠴᠢᠳ ᠭᠤᠤᠯ ᠴᠤᠭᠴᠠ ᠶᠢᠨ ᠬᠠᠪᠲᠠᠰᠤ ᠶᠢ | ᠤᠭᠰᠠᠷᠠᠬᠤ᠂ ᠪᠣᠯᠣᠳ ᠤᠳᠠᠰᠤ ᠪᠠᠷ ᠪᠠᠬᠢᠯᠡᠬᠦ᠂ ᠳᠤᠳᠤᠭᠠᠳᠤ ᠵᠢᠶᠠᠰᠠ ᠶᠢ ᠪᠤᠰᠬᠠᠬᠤ ᠵᠢᠴᠢ ᠭᠠᠵᠠᠷ ᠳᠣᠤᠷᠠᠬᠢ | ᠦᠷᠦᠭᠡᠨ ᠤ ᠲᠣᠭᠤᠰᠬ᠎ᠠ ᠶᠢ ᠵᠡᠷᠭᠡᠯᠡᠬᠦ ᠠᠵᠢᠯ ᠢ ᠱᠠᠯᠠᠪᠳᠠᠨ ᠬᠢᠵᠦ ᠪᠠᠶᠢᠯ᠎ᠠ᠃ ᠬᠤᠶᠠᠷ ᠰᠠᠭᠤᠷᠢ ᠶᠡᠷᠦᠩᠬᠡᠶᠢᠯᠡᠭᠰᠡᠨ | ᠠᠰᠠᠷ ᠤᠨ ᠪᠥᠲᠥᠭᠡᠨ ᠪᠠᠶᠢᠭᠤᠯᠤᠯᠲᠠ ᠶᠢ ᠡᠮᠬᠢ ᠴᠡᠭᠴᠡ ᠲᠠᠢ ᠠᠬᠢᠭᠤᠯᠵᠤ᠂ ᠰᠠᠭᠤᠷᠢ ᠶᠢ ᠨᠢ ᠵᠢᠱᠢᠯᠲᠡ ᠪᠠᠷ 7 | ᠰᠠᠷ᠎ᠠ ᠶᠢᠨ 15 ᠤ ᠡᠳᠦᠷ ᠪᠡᠶᠡᠯᠡᠭᠦᠯᠵᠦ᠂ ᠳᠠᠷᠠᠭ᠎ᠠ ᠨᠢ ᠭᠤᠤᠯ ᠴᠣᠭᠴᠠ ᠶᠢᠨ ᠬᠡᠰᠡᠭ ᠤᠨ ᠪᠠᠷᠢᠯᠭ᠎ᠠ ᠶᠢᠨ ᠠᠵᠢᠯ ᠢ | ᠦᠷᠬᠦᠯᠵᠢᠯᠡᠨ ᠪᠡᠶᠡᠯᠡᠭᠦᠯᠦᠨ᠎ᠡ᠃ | ᠲᠣᠰ ᠲᠥᠷᠥᠯ ᠵᠦᠶᠯ ᠢ ᠰᠢᠯᠤᠭᠤᠨ ᠬᠥᠬᠡ ᠬᠤᠰᠢᠭᠤᠨ ᠤ ᠶᠢᠨ ᠴᠧᠩ ᠺᠠᠩ ᠢ ᠰᠤᠪᠢᠯᠠᠯᠲᠠ ᠶᠢᠨ | ᠬᠢᠵᠠᠭᠠᠷᠲᠤ ᠺᠣᠮᠫᠠᠨᠢ ᠠᠴᠠ ᠬᠠᠷᠢᠭᠤᠴᠠᠨ ᠪᠠᠶᠢᠭᠤᠯᠵᠤ᠂ ᠨᠡᠶᠢᠲᠡ 1.5 ᠳ᠋ᠦᠩᠰᠢᠭᠤᠷ ᠲᠥᠭᠦᠷᠢᠭ ᠤᠨ ᠪᠠᠯᠠ | ᠤᠷᠤᠭᠤᠯᠤᠭᠰᠠᠨ ᠪᠠᠶᠢᠨ᠎ᠠ᠃ ᠲᠥᠷᠥᠯ ᠵᠦᠶᠯ ᠨᠢ ᠪᠠᠷᠤᠭ 3.9 ᠾᠧᠺᠲ᠋ᠠᠷ ᠳᠠᠯᠠᠪᠠᠢ ᠡᠵᠡᠯᠡᠨ᠂ ᠪᠠᠷᠢᠯᠭ᠎ᠠ ᠶᠢᠨ | ᠶᠡᠷᠦᠩᠬᠡᠶ ᠲᠠᠯᠠᠪᠠᠶ ᠨᠢ 5 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠦ᠂ ᠡᠭᠦᠨ ᠳᠤ ᠵᠢᠭᠤᠯᠴᠢᠯᠠᠯ ᠰᠤᠪᠢᠯᠠᠯᠲᠠ | ᠶᠢᠨ ᠶᠡᠷᠦᠩᠬᠡᠶᠢᠯᠡᠭᠰᠡᠨ ᠠᠰᠠᠷ᠂ ᠨᠠᠶᠢᠳᠠᠵᠤ ᠠᠰᠠᠷᠠᠬᠤ ᠦᠢᠯᠡᠴᠢᠯᠡᠭᠡᠨ ᠤ ᠲᠣᠭᠤᠷᠢᠭ᠂ ᠵᠢᠭᠤᠯᠴᠢᠯᠠᠯ ᠰᠤᠪᠢᠯᠠᠯᠲᠠ | ᠶᠢᠨ ᠣᠷᠣᠨ ᠰᠠᠭᠤᠴᠠ ᠶᠢᠨ ᠠᠰᠠᠷ ᠵᠢᠴᠢ ᠪᠤᠰᠤᠳ ᠲᠦᠭᠦᠭᠡᠷᠦᠮᠵᠢ ᠶᠢ ᠪᠠᠭᠳᠠᠭᠠᠵᠤ ᠪᠤᠢ᠃ ᠡᠨᠡ ᠨᠢ ᠠᠰᠠᠷᠠᠬᠤ᠂ | ᠡᠮᠴᠢᠯᠡᠬᠦ᠂ ᠡᠷᠡᠭᠦᠯᠵᠢᠭᠦᠯᠬᠦ ᠶᠢ ᠨᠢᠭᠡ ᠴᠣᠭᠴᠠᠵᠢᠭᠤᠯᠤᠭᠰᠠᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ | ᠰᠢᠨ᠎ᠡ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠪᠠᠶᠢᠭᠤᠯᠤᠮᠵᠢ ᠪᠠᠶᠢᠵᠦ᠂ ᠰᠢᠯᠤᠭᠤᠨ ᠬᠥᠬᠡ | ᠬᠤᠰᠢᠭᠤᠨ ᠤ ᠨᠠᠰᠤᠲᠠᠶᠢᠴᠤᠳ ᠤᠨ ᠡᠷᠡᠭᠦᠯᠵᠢᠯ ᠰᠤᠪᠢᠯᠠᠯᠲᠠ ᠶᠢᠨ ᠠᠵᠤ ᠦᠶᠯᠡᠰ ᠤᠨ ᠬᠥᠭᠵᠢᠯᠲᠡ ᠶᠢ | ᠠᠬᠢᠭᠤᠯᠵᠤ᠂ ᠤᠬᠢ ᠰᠠᠶᠢᠨ ᠨᠡᠶᠢᠭᠡᠮ ᠤᠨ ᠦᠷ᠎ᠡ ᠠᠰᠢᠭ ᠢ ᠪᠤᠢ ᠪᠤᠯᠭᠠᠬᠤ ᠪᠤᠯᠤᠨ᠎ᠠ᠃ | ᠲᠥᠷᠥᠯ ᠵᠦᠶᠯ ᠤᠨ ᠬᠠᠷᠢᠭᠤᠴᠠᠯᠭᠠᠲᠠᠨ ᠰᠢᠶᠦ᠋ᠩ ᠷᠦᠩ ᠬᠤᠸᠠ ᠬᠡᠯᠡᠬᠦ ᠳᠡᠭᠡᠨ᠄ ︽ᠰᠢᠯᠤᠭᠤᠨ ᠬᠥᠬᠡ | ᠬᠤᠰᠢᠭᠤᠨ ᠤ ᠶᠢᠨ ᠴᠧᠩ ᠨᠠᠰᠤᠲᠠᠶᠢᠴᠤᠳ ᠤᠨ ᠠᠰᠠᠷᠠᠮᠵᠢ ᠶᠢᠨ ᠲᠥᠷᠥᠯ ᠵᠦᠶᠯ ᠨᠢ ᠨᠢᠳᠤᠨᠤᠨ ᠤ 9 ᠰᠠᠷ᠎ᠠ ᠳᠤ | ᠪᠠᠷᠢᠯᠭ᠎ᠠ ᠡᠬᠢᠯᠡᠬᠦ ᠵᠥᠪᠰᠢᠶᠡᠷᠡᠯ ᠤᠯᠵᠤ᠂ ᠡᠨᠡ ᠵᠢᠯ ᠲᠥᠯᠥᠪᠯᠡᠭᠡ ᠶᠣᠰᠣᠭᠠᠷ ᠪᠥᠲᠥᠭᠡᠨ ᠪᠠᠶᠢᠭᠤᠯᠵᠤ ᠪᠠᠶᠢᠨ᠎ᠠ᠃ | ᠲᠥᠷᠥᠯ ᠵᠦᠶᠯ ᠢ ᠨᠡᠶᠢᠲᠡ ᠬᠤᠶᠠᠷ ᠬᠤᠭᠤᠴᠠᠭ᠎ᠠ ᠬᠤᠪᠢᠶᠠᠨ ᠶᠠᠪᠤᠭᠳᠠᠭᠤᠯᠵᠤ᠂ ᠨᠢᠭᠡᠳᠦᠭᠡᠷ ᠬᠤᠭᠤᠴᠠᠭᠠᠨ ᠤ | ᠪᠥᠲᠥᠭᠡᠨ ᠪᠠᠶᠢᠭᠤᠯᠤᠯᠲᠠ ᠶᠢᠨ ᠲᠠᠯᠠᠪᠠᠶ ᠨᠢ 2.6 ᠲᠦᠮᠡᠨ ᠲᠡᠭᠰᠢ ᠳᠥᠷᠪᠡᠯᠵᠢᠨ ᠮᠧᠲᠷ᠂ ᠬᠤᠶᠠᠳᠤᠭᠠᠷ | ᠬᠤᠭᠤᠴᠠᠭ᠎ᠠ ᠨᠢ ᠪᠠᠷᠤᠭ 2.5 ᠲᠦᠮᠡᠨ ᠳᠡᠭᠰᠢ ᠲᠦᠷᠪᠡᠯᠵᠢᠨ ᠮᠧᠲᠷ ᠣᠷᠴᠢᠮ ᠪᠠᠶᠢᠵᠤ᠂ ᠨᠡᠶᠢᠲᠡ 5 ᠲᠦᠮᠡ | ᠭᠠᠷᠤᠶ ᠲᠡᠭᠰᠢ ᠳᠥᠷᠪᠡᠯᠵᠢᠨ ᠮᠧᠲᠷ ᠪᠣᠯᠤᠨ᠎ᠠ᠃ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠭᠤᠤᠯ ᠴᠣᠭᠴᠠ | ᠶᠢᠨ ᠠᠵᠢᠯ ᠢ ᠡᠨᠡ ᠵᠢᠯ ᠤᠨ ᠡᠴᠦᠰ ᠢᠶᠠᠷ ᠳᠠᠭᠤᠰᠬᠠᠵᠤ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ 2025 | ᠣᠨ ᠠᠴᠠ ᠡᠬᠢᠯᠡᠭᠦᠯᠦᠨ᠂ ᠭᠤᠷᠪᠠᠨ ᠵᠢᠯ ᠳᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠦᠬᠦᠨ ᠢ | ᠪᠡᠶᠡᠯᠡᠬᠦᠯᠬᠦ ᠪᠠᠷ ᠲᠦᠯᠦᠪᠯᠡᠵᠦ ᠪᠤᠢ᠃ ᠪᠠᠶᠢᠭᠤᠯᠤᠭᠳᠠᠭᠰᠠᠨ ᠤ ᠳᠠᠷᠠᠭ᠎ᠠ ᠨᠠᠩ ᠣᠯᠠᠨ ᠨᠠᠰᠤᠲᠠᠶᠢᠴᠤᠳ ᠢ | ᠰᠢᠯᠤᠭᠤᠨ ᠬᠥᠬᠡ ᠬᠤᠰᠢᠭᠤᠨ ᠳᠤ ᠢᠷᠡᠵᠦ ᠵᠢᠭᠤᠯᠴᠢᠯᠠᠬᠤ᠂ ᠰᠤᠪᠢᠯᠠᠬᠤ ᠳᠤ ᠨᠦᠬᠦᠴᠡᠯ ᠬᠠᠩᠭᠠᠬᠤ ᠮᠦᠷᠳᠡᠭᠡᠨ | ᠰᠢᠯᠤᠭᠤᠨ ᠬᠥᠬᠡ ᠬᠤᠰᠢᠭᠤ ᠴᠢᠨᠠᠭᠰᠢᠯᠠᠪᠠᠯ ᠰᠢᠯᠢ ᠶᠢᠨ ᠭᠤᠤᠯ ᠠᠶᠢᠮᠠᠭ ᠤᠨ ᠥᠷᠭᠡᠨ ᠣᠯᠠᠨ ᠨᠠᠰᠤᠲᠠᠶᠢᠴᠤᠳ ᠤᠨ | ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠢ ᠴᠤ ᠰᠢᠢᠳᠪᠦᠷᠢᠯᠡᠬᠦ ᠪᠤᠯᠤᠨ᠎ᠠ︾ ᠭᠡᠯᠡ᠃ | ᠲᠣᠰ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠨᠢ ᠰᠢᠯᠤᠭᠤᠨ ᠬᠥᠬᠡ ᠬᠤᠰᠢᠭᠤᠨ ᠤ ᠰᠣᠶᠣᠯ | ᠡᠷᠡᠭᠦᠯᠵᠢᠯ ᠠᠰᠠᠷᠠᠮᠵᠢ ᠶᠢᠨ ᠠᠵᠤ ᠦᠶᠯᠡᠰ ᠤᠨ ᠬᠥᠭᠵᠢᠯᠲᠡ ᠳᠤ ᠰᠠᠶᠢᠨ ᠰᠠᠭᠤᠷᠢ ᠳᠠᠯᠪᠢᠭᠰᠠᠨ ᠢᠶᠠᠷ ᠪᠠᠷᠠᠬᠤ | ᠥᠬᠡᠶ᠂ ᠪᠥᠬᠦ ᠬᠤᠰᠢᠭᠤᠨ ᠤ ︽ᠨᠡᠭᠦᠳᠡᠯ ᠮᠠᠶ᠋ᠢᠭ︾ ᠤᠨ ᠨᠠᠰᠤᠵᠢᠯ ᠤᠨ ᠠᠰᠠᠷᠠᠮᠵᠢ ᠶᠢᠨ ᠠᠵᠤ ᠦᠶᠯᠡᠰ ᠤᠨ | ᠬᠥᠭᠵᠢᠯᠲᠡ ᠶᠢ ᠠᠬᠢᠭᠤᠯᠬᠤ᠂ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠢᠰᠢᠳᠠ ᠰᠢᠯᠤᠭᠤᠨ ᠬᠥᠬᠡ ᠬᠤᠰᠢᠭᠤ | ᠪᠠᠰᠠ ᠨᠠᠰᠤᠵᠢᠯ ᠤᠨ ᠠᠰᠠᠷᠠᠮᠵᠢ ᠶᠢᠨ ᠬᠦᠷᠢᠶᠡᠨ ᠳᠠᠬᠢ ᠪᠡᠯᠡ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ | ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠰᠢᠨ᠎ᠡ ᠶᠢ ᠡᠭᠦᠳᠴᠦ᠂ ᠣᠯᠠᠨ ᠶᠠᠩᠵᠤ ᠶᠢᠨ᠂ ᠣᠯᠠᠨ ᠲᠠᠰ | ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠬᠠᠩᠭᠠᠵᠤ᠂ ᠨᠠᠰᠤᠲᠠᠶᠢᠴᠤᠳ ᠨᠢᠭᠡᠪᠦᠷᠢ ᠶᠢ ᠵᠣᠯ | ᠵᠢᠷᠭᠠᠯ ᠲᠠᠢ᠂ ᠠᠮᠤᠷ ᠠᠮᠤᠭᠤᠯᠠᠩ ᠥᠲᠡᠯᠦᠭᠡ ᠨᠠᠰᠤ ᠪᠠᠨ ᠥᠩᠭᠡᠷᠡᠭᠦᠯᠬᠦ ᠳᠤ ᠪᠠᠳᠤᠯᠠᠭ᠎ᠠ ᠬᠠᠩᠭᠠᠬᠤ ᠪᠤᠯᠤᠨ᠎ᠠ᠃ | |